ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-16
     6 ᠰᠠᠷ᠎ᠠ ᠶᠢᠨ 11 ᠤ ᠡᠳᠦᠷ᠂ ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠵᠤ ᠬᠤᠲᠠ ᠶᠢᠨ ᠨᠠᠮ ᠤᠨ ᠬᠤᠷᠢᠶᠠᠨ ᠤ ᠮᠠᠨ ᠤ ᠬᠤᠰᠢᠭᠤᠨ ᠳᠤ ᠲᠦᠷ ᠲᠤᠰᠢᠶᠠᠯ ᠡᠭᠦᠷᠭᠡᠯᠡᠬᠦ ᠤᠳᠤᠷᠢᠳᠬᠤ ᠺᠠᠳ᠋ᠷ ᠤᠨ ᠲᠤᠬᠠᠢ ᠬᠠᠮᠢᠶ᠎ᠠ ᠪᠦᠬᠦᠢ ᠤᠴᠢᠷ ᠶᠠᠪᠤᠳᠠᠯ ᠢ ᠨᠡᠶᠢᠲᠡᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠤ ᠭᠡᠷ ᠲᠡᠭᠡᠨ ᠪᠠᠶᠢᠭ᠎ᠠ ᠪᠦᠬᠦ ᠰᠢᠶᠡᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠰᠤ᠋ ᠰᠢᠨ ᠹᠠ ᠠᠴᠠ ᠬᠤᠲᠠ ᠶᠢᠨ ᠨᠠᠮ ᠤᠨ ᠬᠤᠷᠢᠶᠠᠨ ᠤ ᠨᠡᠶᠢᠲᠡᠯᠡᠭᠰᠡᠨ ᠤᠳᠤᠷᠢᠳᠬᠤ ᠺᠠᠳ᠋ᠷ ᠤᠨ ᠲᠦᠷ ᠴᠠᠭ ᠳᠤᠰᠢᠶᠠᠯ ᠡᠭᠦᠷᠭᠡᠯᠡᠬᠦ ᠮᠠᠲ᠋ᠧᠷᠢᠶᠠᠯ ᠢ ᠤᠩᠰᠢᠨ ᠨᠡᠶᠢᠲᠡᠯᠡᠬᠦ ᠶᠢᠨ ᠬᠠᠮᠲᠦ ᠲᠤᠰᠢᠶᠠᠯ ᠡᠭᠦᠷᠭᠡᠯᠡᠭᠰᠡᠨ ᠺᠠᠳ᠋ᠷ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠠᠭᠤᠯᠠ ᠨᠥᠬᠦᠷ ᠮᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠤᠨ ᠳᠤᠰᠢᠶᠠᠯ ᠢ ᠲᠦᠷ ᠡᠭᠦᠷᠭᠡᠯᠡᠪᠡ᠃      ᠰᠢᠨ᠎ᠡ ᠪᠠᠷ ᠲᠦᠷ ᠴᠠᠭ ᠲᠤᠰᠢᠶᠠᠯ ᠡᠭᠦᠷᠭᠡᠯᠡᠭᠰᠡᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ ᠨᠥᠬᠦᠷ ᠣᠪᠣᠷ ᠢᠶᠠᠨ ᠢᠯᠡᠳᠬᠡᠵᠤ ᠶᠠᠷᠢᠶ᠎ᠠ ᠲᠠᠯᠪᠢᠪᠠ᠃      ᠡᠷᠳᠡᠨᠢᠪᠢᠯᠢᠭ ᠶᠠᠷᠢᠶᠠᠨ ᠳᠤ ᠪᠠᠨ ᠵᠢᠭᠠᠵᠤ ᠭᠠᠷᠭᠠᠭᠰᠠᠨ ᠨᠢ᠂ ᠠᠭᠤᠯᠠ ᠨᠥᠬᠦᠷ ᠢ ᠮᠠᠨ ᠤ ᠬᠤᠰᠢᠭᠤᠨ ᠳᠤ ᠲᠦᠷ ᠳᠤᠰᠢᠶᠠᠯ ᠡᠭᠦᠷᠭᠡᠯᠡᠭᠦᠯᠦᠭᠰᠡᠨ ᠨᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠠᠴᠠ ᠮᠠᠨ ᠤ ᠬᠤᠰᠢᠭᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠠᠩᠬᠠᠷᠤᠨ ᠬᠠᠯᠠᠮᠵᠢᠯᠠᠵᠤ ᠪᠠᠶᠢᠭ᠎ᠠ ᠳᠤ ᠳᠠᠯᠠᠷᠬᠠᠭᠰᠠᠨ ᠰᠠᠳᠬᠢᠯᠬᠡ ᠪᠠᠨ ᠢᠯᠡᠷᠬᠡᠶᠢᠯᠡᠭᠰᠡᠨ ᠤ ᠬᠠᠮᠲᠤ ᠠᠭᠤᠯᠠ ᠨᠥᠬᠦᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠷᠬᠡᠶᠢᠯᠡᠶ᠎ᠡ᠃ ᠬᠦᠰᠡᠬᠦ ᠨᠢ ᠠᠭᠤᠯᠠ ᠨᠥᠬᠦᠷ ᠰᠢᠨ᠎ᠡ ᠠᠵᠢᠯ ᠤᠨ ᠪᠠᠶᠢᠷᠢᠨ ᠳᠤ ᠪᠠᠨ ᠭᠦᠨᠵᠡᠭᠡᠢ ᠪᠠᠶᠢᠴᠠᠭᠠᠨ ᠰᠤᠳᠤᠯᠤᠯᠲᠠ ᠥᠷᠨᠢᠭᠦᠯᠵᠤ ᠦᠦᠰᠢᠨ ᠬᠤᠰᠢᠭᠤ ᠶᠢ ᠤᠯᠠᠮ ᠨᠢᠭᠡ ᠠᠯᠬᠤᠮ ᠤᠶᠢᠯᠠᠭᠠᠨ ᠳᠠᠷᠤᠢ ᠲᠦᠷᠭᠡᠨ ᠠᠵᠢᠯ ᠢᠶᠠᠨ ᠥᠷᠨᠢᠭᠦᠯᠵᠤ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭᠠᠲᠦ ᠰᠡᠳᠬᠢᠯᠭᠡ ᠲᠠᠢ ᠪᠠᠶᠢᠬᠤ ᠤᠯᠤᠰ ᠲᠦᠷᠦ ᠶᠢᠨ ᠰᠤᠷᠲᠠᠯ ᠢᠶᠠᠷ ᠠᠷᠠᠳ ᠲᠥᠮᠡᠨ ᠤ ᠲᠥᠯᠦᠭᠡ ᠪᠤᠳᠠᠲᠠᠢ ᠶᠢ ᠡᠷᠬᠢᠮᠯᠡᠬᠦ ᠪᠣᠳᠠᠲᠦ ᠠᠵᠢᠯᠯᠠᠭ᠎ᠠ ᠪᠠᠷ ᠢᠶᠠᠨ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠪᠠᠶᠢᠳᠠᠯ ᠤᠨ ᠲᠣᠭᠤᠷᠢᠨ ᠳᠤ ᠲᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠶᠢ ᠡᠭᠦᠳᠦᠨ᠂ ᠠᠵᠢᠯ ᠢᠶᠠᠨ ᠠᠬᠢᠭᠤᠯᠵᠤ ᠰᠢᠨ᠎ᠡ ᠳᠡᠭᠡᠭᠰᠢᠯᠡᠯᠲᠡ᠂ ᠰᠢᠨ᠎ᠡ ᠠᠮᠵᠢᠯᠲᠠ ᠪᠦᠲᠦᠮᠵᠢ ᠶᠢ ᠪᠡᠶᠡᠯᠡᠭᠦᠯᠬᠦ ᠪᠠᠷ ᠴᠢᠷᠮᠠᠶᠢᠭᠠᠷᠠᠢ ᠬᠡᠵᠡᠷ᠃ ᠪᠦᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠢᠳᠪᠦᠷᠢ ᠶᠢ ᠡᠷᠡᠰ ᠲᠠᠭᠠᠨ ᠠᠭᠤᠯᠠ ᠨᠥᠬᠦᠷ ᠤᠨ ᠠᠵᠢᠯ ᠢ ᠪᠦᠬᠦ ᠬᠦᠴᠦᠨ ᠢᠶᠠᠷ ᠳᠡᠮᠵᠢᠵᠤ ᠨᠢᠭᠡᠡ ᠰᠡᠳᠬᠢᠯ ᠨᠢᠭᠡᠡ ᠰᠤᠷᠲᠠᠯ ᠢᠶᠠᠷ ᠪᠦᠯᠬᠦᠮᠳᠡᠨ ᠨᠢᠭᠲᠠᠷᠠᠵᠤ ᠪᠦᠬᠦ ᠬᠤᠰᠢᠭᠤᠨ ᠤ ᠡᠯ᠎ᠡ ᠲᠠᠯ᠎ᠠ ᠶᠢᠨ ᠠᠵᠢᠯ ᠢ ᠨᠡᠩ ᠰᠠᠶᠢᠨ ᠬᠢᠵᠤ ᠪᠦᠬᠦ ᠬᠤᠰᠢᠭᠤᠨ ᠤ ᠠᠷᠠᠳ ᠲᠥᠮᠡᠨ ᠢ ᠬᠠᠨᠤᠮᠵᠢᠲᠠᠢ ᠪᠠᠶᠢᠯᠭᠠᠨ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠢᠲᠡᠭᠡᠯ ᠨᠠᠶᠢᠲᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号