ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-16
     6 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤ ᠤᠳᠤᠷᠢᠳᠤᠯᠭ᠎ᠠ ᠡᠷᠳᠡᠨᠢᠪᠢᠯᠢᠭ᠂ ᠰᠤ᠋ ᠰᠢᠨ ᠹᠠ᠂ ᠯᠢ ᠵᠦᠩ ᠯᠢᠨ᠂ ᠠᠯᠲᠠᠠᠲᠤᠶᠠᠭ᠎ᠠ᠂ ᠯᠢᠨ ᠶᠦᠩ ᠭᠠᠩ ᠵᠡᠷᠭᠡ ᠪᠤᠯᠤᠨ ᠭᠡᠷ ᠲᠡᠭᠡᠨ ᠪᠠᠶᠢᠭ᠎ᠠ ᠰᠢᠶᠡᠨ ᠤ ᠳᠡᠰ ᠤᠨ ᠪᠦᠬᠦ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠠᠶᠢᠨ᠎ᠠ᠃
     ᠬᠤᠷᠠᠯ ᠠᠴᠠ ᠡᠾᠧ ᠵᠦᠩ ᠽᠧ ᠢ ᠰᠠᠶᠢᠨ ᠳᠤᠷᠠᠴᠤᠳ ᠤᠨ ᠦᠢᠯᠡᠴᠢᠯᠡᠭᠡᠨ ᠤ ᠲᠥᠪ ᠤᠨ ᠡᠭᠦᠳᠦᠨ ᠪᠠᠶᠢᠭᠤᠯᠤᠭᠴᠢ᠂ ᠡᠷᠬᠢᠯᠡᠭᠴᠢ᠂ ᠪᠡᠭᠡᠵᠢᠩ ᠤᠨ ᠣᠢ ᠰᠢᠭᠤᠢ ᠶᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠦᠷ᠂ ᠳᠤᠮᠳᠠᠳᠦ ᠤᠯᠤᠰ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠬᠤᠯᠪᠣᠭᠠᠲᠦ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠵᠦᠩ ᠫᠢᠩ ᠫᠷᠣᠹᠧᠰᠰᠦᠷ ᠪᠤᠯᠤᠨ ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠳᠦ ᠶᠢᠨ ᠭᠠᠵᠠᠷ ᠵᠦᠢ ᠪᠣᠯᠣᠨ ᠲᠠᠷᠢᠶᠠᠯᠠᠩ ᠠᠮᠢ ᠠᠬᠤᠢ ᠶᠢᠨ ᠰᠤᠳᠤᠯᠭᠠᠨ ᠤ ᠦᠷᠲᠡᠬᠡᠨ ᠤ ᠴᠧᠨ ᠺᠧ ᠯᠢᠨ ᠰᠤᠳᠤᠯᠤᠭᠠᠴᠢ ᠶᠢ ᠣᠷᠢᠵᠤ ᠲᠤᠰ ᠲᠤᠰ ︽ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠠᠵᠢᠯ ᠤᠨ ᠰᠡᠳᠬᠢᠴᠡ︾ ᠪᠣᠯᠣᠨ ︽ᠬᠦᠮᠦᠨ᠂ ᠨᠣᠭᠤ ᠭᠠᠵᠠᠷ ᠪᠤᠯᠤᠨ ᠠᠮᠢ ᠠᠬᠤᠢ ᠶᠢᠨ ᠪᠤᠯᠪᠠᠰᠤᠨ︾ ᠭᠡᠬᠦ ᠰᠡᠲᠦᠪ ᠢᠶᠠᠷ ᠲᠤᠰᠬᠠᠢ ᠲᠠᠶᠢᠯᠦᠮᠵᠢ ᠬᠢᠯᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯᠲᠡ ᠲᠠᠨᠢᠯᠲᠠ ᠪᠠᠨ ᠲᠠᠬᠢᠨᠲᠠ ᠭᠦᠨᠵᠡᠭᠡᠶᠢᠷᠡᠭᠦᠯᠬᠦ ᠬᠡᠷᠡᠭᠲᠡᠢ᠃ ᠬᠦᠨᠳᠦ ᠴᠢᠬᠤᠯᠠ ᠠᠴᠢ ᠬᠤᠯᠪᠣᠭᠳᠠᠯ ᠢ ᠬᠦᠨᠵᠡᠭᠡᠢ ᠲᠠᠨᠢᠵᠤ ᠦᠢᠯᠡᠳᠦᠯᠭᠡᠵᠢᠭᠦᠯᠬᠦ ᠶᠢᠨ ᠱᠠᠭᠠᠷᠳᠠᠯᠭ᠎ᠠ ᠶᠢ ᠤᠨᠤᠪᠴᠢᠲᠠᠢ ᠠᠳᠬᠤᠨ ᠦᠵᠡᠯ ᠰᠠᠨᠠᠭ᠎ᠠ ᠪᠠᠨ ᠤᠯᠠᠮ ᠪᠠᠲᠤᠳᠬᠠᠵᠤ ᠲᠠᠨᠢᠯᠲᠠ ᠪᠠᠨ ᠲᠠᠬᠢᠨᠳᠠ ᠬᠦᠨᠵᠡᠭᠡᠶᠢᠷᠡᠭᠦᠯᠦᠨ ᠦᠢᠯᠡ ᠠᠵᠢᠯᠯᠠᠭ᠎ᠠ ᠪᠠᠨ ᠤᠯᠠᠮ ᠢᠳᠡᠪᠬᠢᠲᠠᠢ ᠪᠣᠯᠭᠠᠵᠤ ᠵᠣᠷᠢᠭᠲᠠᠢ ᠪᠠᠷ ᠦᠢᠯᠡᠳᠦᠯᠭᠡᠵᠢᠭᠦᠯᠤᠨ ᠰᠢᠨ᠎ᠡ ᠶᠢ ᠡᠭᠦᠳᠴᠤ ᠢᠳᠡᠪᠬᠢᠲᠠᠢ ᠰᠦᠪᠡᠭᠴᠢᠯᠡᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠪᠦᠬᠦ ᠤᠯᠤᠰ ᠤᠨ ᠲᠤᠷᠰᠢᠯᠲᠠ ᠶᠢᠨ ᠴᠡᠭ ᠪᠣᠯᠬᠤ ︽ᠦᠦᠰᠢᠨ ᠤ ᠦᠯᠢᠭᠡᠷ ᠵᠢᠱᠢᠶ᠎ᠡ︾ ᠶᠢ ᠡᠭᠦᠳᠦᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡ ᠶᠢ ᠴᠢᠩᠭᠠᠳᠬᠠᠬᠤ᠂ ᠪᠤᠯᠪᠠᠰᠤᠨ ᠤ ᠦᠢᠯᠡᠳᠦᠯᠬᠡᠵᠢᠬᠦᠯᠬᠡ ᠶᠢ ᠭᠦᠨᠵᠡᠭᠡᠶᠢᠷᠡᠬᠦᠯᠬᠦ᠂ ᠤᠷᠳᠤ ᠬᠤᠭᠤᠴᠠᠭᠠᠨ ᠤ ᠳᠣᠭᠲᠠᠯᠴᠠᠭ᠎ᠠ ᠶᠢ ᠪᠦᠷᠢᠨᠵᠢᠭᠦᠯᠬᠦ ᠳᠡᠭᠡᠷ᠎ᠡ ᠰᠢᠨ᠎ᠡ ᠰᠢᠪᠲᠤᠯᠤᠯᠲᠠ  ᠲᠠᠢ ᠪᠠᠶᠢᠵᠤ ᠲᠤᠷᠰᠢᠯᠲᠠ ᠶᠢᠨ ᠴᠡᠭ ᠤᠨ ᠠᠵᠢᠯ ᠤᠨ ᠬᠥᠨᠵᠡᠭᠡᠢ ᠥᠷᠨᠢᠯᠲᠡ ᠶᠢ ᠠᠬᠢᠭᠤᠯᠬᠤ ᠬᠡᠷᠡᠭᠲᠡᠢ᠃ ᠪᠤᠳᠠᠲᠦ ᠦᠷ᠎ᠡ ᠪᠦᠲᠦᠮᠵᠢ ᠶᠢ ᠴᠢᠬᠤᠯᠠᠴᠢᠯᠠᠵᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠲᠥᠪ ᠢ ᠪᠠᠶᠢᠭᠤᠯᠬᠤ ᠶᠢ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠤᠯᠪᠠᠰᠤᠨ ᠢ ᠡᠭᠦᠳᠦᠨ ᠪᠠᠶᠢᠭᠤᠯᠬᠤ᠂ ᠣᠯᠠᠨ ᠲᠥᠮᠡᠨᠴᠢ ᠴᠢᠨᠠᠷᠲᠠᠢ ᠪᠤᠯᠪᠠᠰᠤᠨ ᠥᠪᠥᠷ ᠮᠣᠩᠭᠤᠯ ᠢ ᠪᠠᠶᠢᠭᠤᠯᠬᠤ ᠵᠡᠷᠭᠡ ᠯᠤᠭ᠎ᠠ ᠨᠢᠭᠡᠳᠦᠯᠲᠡᠢ ᠲᠥᠯᠦᠪᠵᠢᠭᠦᠯᠦᠨ ᠲᠥᠯᠦᠪᠯᠡᠵᠤ ᠭᠦᠨᠵᠡᠭᠡᠢ ᠠᠭᠤᠰᠤᠯᠴᠠᠭᠤᠯᠤᠨ ᠠᠬᠢᠭᠤᠯᠵᠤ ᠡᠯ᠎ᠡ ᠲᠦᠷᠦᠯ ᠤᠨ ᠠᠵᠢᠯ ᠤᠨ ᠲᠤᠭᠤᠰᠢᠯᠠᠭᠤᠯᠤᠯᠲᠠ ᠶᠢ ᠪᠠᠲᠤᠯᠠᠬᠤ ᠬᠡᠷᠡᠭᠲᠡᠢ᠃ ᠤᠨᠴᠠᠯᠢᠭ ᠢ ᠡᠭᠦᠳᠦᠨ ᠳᠠᠪᠠᠭᠤᠯᠢᠭ ᠢᠶᠠᠨ ᠪᠠᠳᠠᠷᠠᠭᠤᠯᠬᠤ᠂ ᠠᠷᠠᠳ ᠲᠥᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠰᠥᠪᠡᠭᠴᠢᠯᠡᠯᠲᠡ ᠬᠢᠵᠤ ᠨᠢᠭᠡ ᠪᠦᠯᠦᠭ ᠳᠡᠯᠭᠡᠷᠡᠭᠦᠯᠵᠤ ᠪᠣᠯᠬᠤ ᠠᠷᠭ᠎ᠠ ᠮᠠᠶ᠋ᠢᠭ ᠢ ᠴᠢᠷᠮᠠᠶᠢᠨ ᠡᠭᠦᠳᠬᠦ ᠬᠡᠷᠡᠭᠲᠡᠢ᠃ ᠴᠠᠭ ᠦᠶᠡᠴᠢ ᠴᠢᠨᠠᠷ᠂ ᠦᠢᠯᠡᠴᠢᠯᠡᠭᠡᠨ ᠤ ᠴᠢᠨᠠᠷ᠂ ᠰᠢᠨ᠎ᠡ ᠶᠢ ᠡᠭᠦᠳᠬᠦ ᠴᠢᠨᠠᠷ᠂ ᠦᠢᠯᠡᠳᠦᠯᠭᠡᠴᠢ ᠴᠢᠨᠠᠷ᠂ ᠣᠨᠴᠠᠯᠢᠭᠲᠤ ᠴᠢᠨᠠᠷ ᠢ ᠳᠣᠪᠣᠶᠢᠯᠭᠠᠬᠤ ᠱᠠᠭᠠᠷᠳᠠᠯᠭ᠎ᠠ ᠶᠤᠰᠤᠭᠠᠷ ᠪᠦᠭᠦᠳᠡᠭᠡᠷ ᠢᠶᠠᠨ ᠦᠢᠯᠡᠴᠢᠯᠡᠭᠡᠨ ᠤ ᠠᠴᠢᠶᠠᠯᠠᠭᠴᠢ ᠶᠢ ᠪᠣᠳᠣᠯᠬᠢᠯᠠᠬᠤ᠂ ᠦᠢᠯᠡᠴᠢᠯᠡᠬᠦ ᠲᠦᠷᠥᠯ ᠵᠦᠢᠯ ᠢ ᠪᠣᠳᠣᠯᠬᠢᠯᠠᠬᠤ᠂ ᠦᠢᠯᠡᠴᠢᠯᠡᠬᠡᠨ ᠤ ᠬᠡᠯᠪᠡᠷᠢ ᠮᠠᠶ᠋ᠢᠭ ᠢ ᠪᠣᠳᠣᠯᠬᠢᠯᠠᠵᠤ ᠪᠤᠯᠪᠠᠰᠤᠨ ᠢ ᠦᠨᠡᠨᠬᠦ ᠦᠢᠯᠡᠳᠦᠯᠭᠡᠵᠢᠭᠦᠯᠦᠨ ᠨᠠᠮ ᠤᠨ ᠰᠢᠨ᠎ᠡ ᠶᠢ ᠡᠭᠦᠳᠬᠦ ᠣᠨᠣᠯ ᠢ ᠰᠤᠷᠤᠯᠴᠠᠬᠤ ᠳᠠᠪᠴᠠᠩ᠂ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠬᠦ ᠳᠠᠪᠴᠠᠩ᠂ ᠣᠯᠠᠨ ᠲᠥᠮᠡᠨ ᠤ ᠳᠣᠳᠣᠭᠠᠲᠦ ᠬᠥᠳᠡᠯᠭᠡᠭᠴᠢ ᠬᠦᠴᠦᠨ ᠢ ᠬᠥᠭᠵᠢᠭᠡᠬᠦ ᠠᠷᠭ᠎ᠠ ᠪᠠᠷᠢᠯ᠂ ᠬᠥᠳᠡᠭᠡ ᠨᠤᠲᠤᠭ ᠤᠨ ᠪᠤᠯᠪᠠᠰᠤᠨ ᠰᠤᠷᠲᠠᠯ ᠢ ᠪᠤᠢ ᠪᠤᠯᠭᠠᠬᠤ᠂ ᠴᠠᠭ ᠦᠶ᠎ᠡ ᠶᠢᠨ ᠰᠢᠨ᠎ᠡ ᠰᠤᠷᠲᠠᠯ ᠢ ᠳᠡᠯᠭᠡᠷᠡᠭᠦᠯᠬᠦ ᠣᠶᠣᠨ ᠰᠠᠨᠠᠭᠠᠨ ᠤ ᠰᠠᠭᠤᠷᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃
     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠤᠷᠤᠯᠴᠠᠯᠭ᠎ᠠ ᠶᠢᠨ ᠦᠷ᠎ᠡ ᠪᠦᠲᠥᠮᠵᠢ ᠪᠠᠨ ᠵᠣᠬᠢᠰᠲᠠᠢ ᠠᠰᠢᠭᠯᠠᠵᠤ ᠪᠦᠬᠦ ᠬᠤᠰᠢᠭᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠰᠢᠨ᠎ᠡ ᠨᠢᠭᠡᠨ ᠳᠡᠭᠲᠡᠷ ᠳᠡᠭᠡᠷ᠎ᠡ ᠭᠠᠷᠭᠠᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠤᠯᠤᠨ ᠠᠮᠢ ᠠᠬᠤᠢ ᠶᠢᠨ ᠤᠷᠴᠢᠨ ᠲᠣᠭᠤᠷᠢᠨ ᠤ ᠳᠡᠭᠡᠳᠦ ᠬᠡᠮᠵᠢᠶᠡᠨ ᠤ ᠬᠠᠮᠠᠭᠠᠯᠠᠯᠲᠠ ᠯᠤᠭ᠎ᠠ ᠵᠣᠬᠢᠴᠠᠩᠭᠤᠢ ᠪᠠᠷ ᠠᠬᠢᠭᠤᠯᠬᠤ ᠬᠡᠷᠡᠭᠲᠡᠢ᠃ ᠪᠦᠬᠦ ᠬᠤᠰᠢᠭᠤᠨ ᠤ ᠬᠠᠲᠤᠨ ᠭᠤᠣᠯ ᠤᠨ ᠰᠠᠪᠠ ᠭᠠᠵᠠᠷ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ ᠶᠢ ᠲᠥᠷᠭᠡᠳᠬᠡᠨ ᠨᠠᠶᠢᠷᠠᠭᠤᠯᠤᠨ ᠵᠣᠬᠢᠶᠠᠵᠤ  ᠪᠡᠯᠴᠢᠭᠡᠷᠯᠡᠬᠦᠯᠬᠦ ᠶᠢ ᠬᠤᠷᠢᠭᠯᠠᠵᠤ ᠡᠪᠡᠰᠦ ᠪᠡᠯᠴᠢᠭᠡᠷ  ᠢ ᠰᠡᠷᠬᠦᠬᠡᠬᠦ ᠲᠦᠷᠦ ᠶᠢᠨ ᠪᠤᠳᠣᠯᠭ᠎ᠠ ᠶᠢ ᠴᠢᠩᠭ᠎ᠠ ᠭᠡᠷᠡᠭᠵᠢᠭᠦᠯᠦᠨ ᠳᠤᠷ᠎ᠠ ᠪᠠᠷ ᠬᠠᠭᠠᠯᠪᠤᠷᠢᠯᠠᠵᠤ ᠳᠤᠷ᠎ᠠ ᠪᠠᠷ ᠴᠠᠪᠴᠢᠵᠤ ᠤᠭᠲᠤᠯᠬᠤ ᠪᠣᠯᠣᠨ ᠪᠡᠯᠴᠢᠭᠡᠷ ᠮᠤᠳᠤ ᠶᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠢ᠃ ᠮᠤᠤᠠᠤᠰᠤ ᠶᠢᠨ ᠡᠯᠡᠰᠦ ᠶᠢ ᠵᠠᠰᠠᠬᠤ ᠲᠤᠷᠰᠢᠯᠭ᠎ᠠ ᠶᠢ ᠤᠯᠠᠮ ᠨᠢᠭᠡ ᠠᠯᠬᠤᠨ ᠬᠤᠷᠢᠶᠠᠩᠭᠤᠶᠢᠯᠠᠨ ᠳᠡᠯᠭᠡᠷᠡᠭᠦᠯᠵᠤ ᠰᠢᠷᠬᠤᠰᠤ ᠶᠢᠨ ᠨᠤᠭᠤ ᠭᠠᠵᠠᠷ ᠤᠨ ᠬᠠᠮᠠᠭᠠᠯᠠᠯᠲᠠ᠂ ᠨᠡᠭᠡᠭᠡᠯᠲᠡ᠂ ᠠᠰᠢᠭᠯᠠᠯᠲᠠ ᠶᠢ ᠨᠡᠮᠡᠭᠳᠡᠭᠦᠯᠦᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号