6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ | ᠬᠡᠯᠲᠡᠰ ᠤᠨ ᠳᠠᠷᠤᠭ᠎ᠠ ᠰᠦ᠋ ᠼᠦᠢ ᠹᠠᠩ ᠮᠠᠨ ᠤ ᠬᠤᠰᠢᠭᠤᠨ ᠳᠤ ᠢᠷᠠᠵᠤ ᠪᠦᠬᠦ ᠤᠯᠤᠰ ᠤᠨ ᠰᠢᠶᠠᠨ ᠤ ᠲᠡᠰ ᠤᠨ | ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ᠂ ᠰᠢᠨ᠎ᠡ ᠴᠠᠭ ᠥᠶ᠎ᠠ ᠶᠢᠨ ᠪᠣᠯᠪᠠᠰᠤᠨ ᠤ ᠦᠢᠯᠡᠳᠦᠯᠭᠡᠵᠢᠬᠦᠯᠬᠡ᠂ | ᠣᠯᠠᠨ ᠲᠦᠮᠡᠨᠴᠢ ᠴᠢᠨᠠᠷᠲᠠᠶ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠪᠠ ᠬᠠᠮ ᠵᠠᠭᠤᠴᠢᠯᠠᠭᠤᠷ ᠤᠨ | ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ | ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ | ᠳᠠᠷᠤᠭ᠎ᠠ ᠹᠧᠩ ᡁᠢ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | | | | ᠪᠠᠶᠢᠴᠠᠭᠠᠨ ᠰᠤᠳᠤᠯᠤᠯᠳᠠ ᠶᠢᠨ ᠳᠤᠭᠤᠶᠢᠯᠠᠩ ᠤᠨ ᠬᠢᠨ ᠭᠠᠯᠠᠭᠤᠲᠤ ᠪᠠᠯᠭᠠᠰᠤᠨ ᠲᠣᠭᠤᠷᠢᠭ ᠤᠨ ᠭᠤᠤᠯ | ᠵᠠᠮ ᠵᠡᠭᠡᠯᠢ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠠᠭᠤᠭᠠᠯᠢ ᠲᠣᠭᠤᠷᠢᠭ᠂ ᠬᠠᠮ | ᠵᠠᠭᠤᠴᠢᠯᠠᠭᠤᠷ ᠤᠨ ᠲᠥᠪ᠂ ᠴᠡᠴᠡᠷᠯᠢᠭ ᠠᠭᠤᠳᠠᠮ ᠲᠠᠯᠠᠪᠠᠢ᠂ ᠨᠣᠮ ᠤᠨ ᠰᠠᠩ ᠢᠶᠠᠷ ᠭᠦᠨᠵᠡᠭᠡᠶᠢᠷᠡᠨ ᠪᠣᠯᠪᠠᠰᠤᠨ | ᠬᠤᠳᠠ ᠶᠢᠨ ᠡᠭᠦᠳᠤᠨ ᠪᠠᠶᠢᠭᠤᠯᠤᠯᠳᠠ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ | ᠠᠵᠢᠯ ᠢ ᠬᠢᠨᠠᠨ ᠵᠢᠯᠣᠭᠤᠳᠴᠤ ᠲᠤᠬᠠᠶ ᠶᠢᠨ ᠲᠠᠯᠠᠪᠠᠢ ᠳᠤ ᠠᠰᠠᠭᠤᠳᠠᠯ ᠢ ᠡᠷᠢᠨ ᠠᠷᠭ᠎ᠠ ᠪᠣᠳᠣᠯᠭ᠎ᠠ ᠵᠥᠪᠳᠡᠭᠰᠠᠨ ᠤ | ᠬᠠᠮᠳᠤ ᠪᠤᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠰᠢᠯᠭᠠᠨ ᠦᠨᠡᠯᠡᠬᠦ ᠰᠢᠰᠲ᠋ᠧᠮ ᠤᠨ ᠪᠠᠷᠢᠮᠵᠢᠶ᠎ᠠ ᠲᠠᠢ | ᠬᠠᠷᠢᠴᠠᠭᠤᠯᠤᠨ ᠬᠦᠷᠦᠯᠴᠡᠬᠦ ᠦᠭᠡᠢ ᠲᠠᠯ᠎ᠠ ᠪᠠᠨ ᠡᠷᠢᠨ ᠲᠤᠳᠠᠭᠳᠠᠯ ᠢᠶᠠᠨ ᠨᠥᠬᠦᠪᠥᠷᠢᠯᠡᠵᠦ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠳᠬᠤᠨ ᠤᠯᠤᠰ ᠤᠨ ᠰᠢᠯᠭᠠᠨ ᠥᠨᠠᠯᠠᠯᠳᠠ ᠳᠤ ᠪᠦᠷᠢᠨ ᠬᠤᠪᠢ ᠣᠯᠬᠤ ᠶᠢ | ᠪᠠᠲᠤᠯᠠᠬᠤ ᠬᠡᠷᠡᠭᠲᠡᠶ ᠭᠡᠵᠤ ᠱᠠᠭᠠᠷᠳᠠᠭᠰᠠᠨ ᠪᠠᠶᠢᠨ᠎ᠠ᠃ | ᠳᠠᠪᠴᠠᠭ ᠵᠠᠮ᠂ ᠰᠤᠪᠤᠷᠭ᠎ᠠ ᠵᠡᠭᠡᠯᠢ ᠵᠡᠷᠭᠡ ᠭᠠᠵᠠᠷ ᠲᠤ ᠰᠦ᠋ ᠼᠦᠢ ᠹᠠᠩ ᠮᠠᠨ ᠤ ᠬᠤᠰᠢᠭᠤᠨ ᠤ ᠵᠡᠭᠡᠯᠢ | ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠤᠶᠢᠯᠠᠭᠠᠵᠤ ᠬᠠᠳᠠᠭᠤᠷᠠᠭᠤᠯᠤᠯᠳᠠ | ᠨᠣᠭᠤᠭᠠᠷᠠᠭᠤᠯᠤᠯᠲᠠ ᠶᠢᠨ ᠲᠥᠯᠥᠪᠯᠡᠭᠡ ᠲᠥᠯᠥᠪᠵᠢᠭᠦᠯᠭᠡ ᠶᠢ ᠪᠦᠷᠢᠨ ᠲᠡᠭᠦᠯᠳᠡᠷᠵᠢᠭᠦᠯᠵᠦ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠤᠳᠠᠭᠳᠠᠯ ᠢ ᠨᠥᠭᠦᠪᠤᠷᠢᠯᠠᠭᠦ ᠭᠡᠷᠡᠭᠳᠠᠢ ᠭᠡᠵᠤ ᠱᠠᠭᠠᠷᠳᠠᠭᠰᠠᠨ ᠪᠠᠶᠢᠨ᠎ᠠ᠃ | | | | | | | ᠬᠤᠢ ᠹᠧᠩ ᠯᠢᠦᠢ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠰᠦ᠋ ᠼᠦᠢ ᠹᠠᠩ ᠵᠠᠬ᠎ᠠ | ᠲᠡᠯᠭᠡᠭᠦᠷ ᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠰᠦ᠋ ᠼᠦᠢ ᠹᠠᠩ ᠱᠠᠭᠠᠷᠳᠠᠬᠤ | ᠳᠤ ᠪᠠᠨ᠂ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠠᠷᠢᠮᠵᠢᠶ᠎ᠠ ᠶᠣᠰᠣᠭᠠᠷ ᠳᠦᠷᠢᠮᠵᠢᠭᠦᠯᠦᠨ | ᠪᠦᠲᠦᠭᠡᠨ ᠪᠠᠶᠢᠭᠤᠯᠵᠤ ᠳᠦᠷᠢᠮᠵᠢᠭᠦᠯᠦᠨ ᠡᠵᠡᠩᠨᠠᠵᠤ ᠵᠠᠬ᠎ᠠ ᠳᠡᠯᠭᠡᠭᠦᠷ ᠤᠨ ᠠᠷᠢᠭᠤᠨ ᠴᠡᠪᠡᠷ ᠤᠨ ᠡᠮᠬᠢ ᠵᠠᠮᠪᠠᠷᠠᠭ᠎ᠠ | ᠦᠭᠡᠢ ᠪᠠᠶᠢᠳᠠᠯ ᠪᠠ ᠡᠵᠡᠩᠨᠠᠯᠳᠠ᠂ ᠵᠠᠮ ᠬᠠᠷᠢᠯᠴᠠᠭ᠎ᠠ ᠶᠢᠨ ᠪᠦᠭᠯᠡᠷᠡᠬᠦ ᠵᠡᠷᠭᠡ ᠦᠵᠡᠭᠳᠡᠯ ᠢ ᠡᠷᠡᠰ ᠬᠤᠷᠢᠭᠯᠠᠨ | ᠬᠤᠲᠠ ᠶᠢᠨ ᠠᠷᠠᠳ ᠲᠤ ᠰᠠᠭᠠᠳ ᠦᠭᠡᠢ ᠵᠠᠮᠨᠠᠬᠤ ᠤᠷᠴᠢᠨ ᠢ ᠡᠭᠦᠳᠭᠦ ᠭᠡᠷᠡᠭᠳᠠᠢ ᠭᠡᠵᠡᠢ᠃ | | | | | | | ᠨᠠᠨᠳᠢᠨ ᠨᠡᠶᠢᠭᠡᠮ ᠲᠣᠭᠤᠷᠢᠭ ᠪᠠ ᠵᠢᠩ ᠢ ᠶᠤᠸᠠᠨ ᠰᠠᠭᠤᠭᠠᠯᠢ ᠲᠣᠭᠤᠷᠢᠭ ᠲᠤ ᠰᠦ᠋ ᠼᠦᠢ ᠹᠠᠩ ᠨᠡᠶᠢᠭᠡᠮ | ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ | ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠨᠡᠶᠢᠭᠡᠮ ᠲᠣᠭᠤᠷᠢᠭ ᠤᠨ ᠣᠳᠣᠬᠠᠨ ᠤ ᠠᠵᠢᠯ ᠤᠨ | ᠪᠠᠶᠢᠳᠠᠯ ᠢ ᠪᠠᠶᠢᠴᠠᠭᠠᠨ ᠨᠡᠶᠢᠭᠡᠮ ᠲᠣᠭᠤᠷᠢᠭ ᠤᠨ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ | ᠪᠠᠶᠢᠴᠠᠭᠠᠯᠳᠠ ᠶᠢ ᠤᠭᠳᠤᠬᠤ ᠳᠤᠮᠳᠠᠬᠢ ᠭᠤᠤᠯ ᠠᠷᠭ᠎ᠠ ᠪᠠᠷᠢᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠣᠶᠢᠯᠠᠭᠠᠪᠠ᠃ ᠰᠦ᠋ ᠼᠦᠢ ᠹᠠᠩ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠨᠢ ᠣᠯᠠᠨ ᠲᠦᠮᠡᠨ ᠳᠤ ᠪᠣᠳᠠᠲᠠᠶ | ᠶᠠᠪᠤᠳᠠᠯ ᠬᠢᠵᠦ ᠰᠠᠶᠢᠨ ᠶᠠᠪᠤᠳᠠᠯ ᠬᠢᠵᠦ ᠥᠭᠬᠦ ᠠᠴᠠ ᠭᠠᠷᠳᠠᠵᠤ ᠣᠯᠠᠨ ᠲᠦᠮᠡᠨ ᠤ ᠠᠮᠢᠳᠤᠷᠠᠯ ᠲᠠᠢ ᠨᠢᠭᠳᠠ | ᠬᠤᠯᠪᠣᠭ᠎ᠠ ᠲᠠᠢ ᠠᠰᠠᠭᠤᠳᠠᠯ ᠢ ᠰᠢᠢᠳᠪᠤᠷᠢᠯᠠᠭᠦ ᠭᠡᠷᠡᠭᠳᠠᠢ᠃ ᠤᠬᠠᠭᠤᠯᠬᠤ ᠰᠠᠮᠪᠠᠷ᠎ᠠ᠂ ᠵᠠᠷ ᠮᠡᠳᠡᠬᠡᠨ ᠤ ᠫᠠᠶᠢᠰᠠ᠂ | ᠳᠡᠯᠭᠡᠴᠡ᠂ ᠰᠢᠨ᠎ᠡ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠨ ᠰᠠᠭᠤᠭᠠᠯᠢ | ᠲᠣᠭᠤᠷᠢᠭ ᠤᠨ ᠤᠷᠤᠵᠤ ᠭᠠᠷᠬᠤ ᠡᠭᠦᠳᠠ᠂ ᠠᠵᠢᠯᠯᠠᠬᠤ ᠲᠠᠯᠠᠪᠤᠷ ᠵᠡᠷᠭᠡ ᠭᠥᠮᠤᠨ ᠣᠯᠠᠨ ᠴᠤᠭᠯᠠᠷᠠᠬᠤ ᠭᠠᠵᠠᠷ ᠲᠤ | ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢᠨ ᠠᠵᠢᠯ ᠢ ᠰᠠᠶᠢᠳᠤᠷ ᠭᠢᠵᠤ ᠪᠤᠯᠪᠠᠰᠤᠨ ᠬᠤᠲᠠ | ᠶᠢᠨ ᠡᠭᠦᠳᠤᠨ ᠪᠠᠶᠢᠭᠤᠯᠤᠯᠳᠠ ᠶᠢᠨ ᠠᠵᠢᠯ ᠤᠨ ᠤᠶᠢᠯᠠᠭᠠᠨ ᠮᠡᠳᠡᠬᠦ ᠬᠢᠷᠢ ᠲᠦᠪᠰᠢᠨ ᠢ ᠲᠡᠭᠡᠭᠰᠢᠯᠠᠭᠦᠯᠭᠦ ᠭᠡᠷᠡᠭᠳᠠᠢ | ᠭᠡᠵᠡᠢ᠃ | ᠡᠨᠡᠭᠦ ᠬᠤᠭᠤᠴᠠᠭᠠᠨ ᠳᠤ᠂ ᠰᠦ᠋ ᠼᠦᠢ ᠹᠠᠩ ᠨᠠᠷ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠤᠨ ᠰᠢᠨ᠎ᠡ ᠠᠯᠪᠠᠯᠠᠬᠤ ᠭᠠᠵᠠᠷ ᠪᠠ ᠨᠣᠮ ᠤᠨ ᠰᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ |