ᠪᠥᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-16
     6 ᠰᠠᠷ᠎ᠠ ᠶᠢᠨ 11 ᠤ ᠡᠳᠤᠷ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠬᠦ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠠᠴᠠ ᠵᠢᠭᠠᠬᠤ ᠳᠤ ᠪᠠᠨ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠬᠦ ᠪᠣᠯ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠬᠦ ᠪᠠ ᠠᠷᠢᠯᠭᠠᠬᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠡᠷᠡᠭ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠴᠢᠬᠤᠯᠠ ᠠᠷᠭ᠎ᠠ ᠪᠠᠷᠢᠯ ᠮᠥᠨ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠴᠠᠭᠠᠯᠲᠠ ᠶᠢᠨ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠬᠢᠨᠠᠮᠠᠭᠠᠶ ᠡᠮᠬᠢᠯᠡᠵᠦ ᠪᠠᠶᠢᠴᠠᠭᠠᠨ ᠠᠰᠠᠭᠤᠳᠠᠯ ᠤᠨ ᠨᠠᠷᠢᠨ ᠳᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠰᠠᠶᠢᠲᠤᠷ ᠠᠳᠬᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠳᠠᠬᠤ ᠶᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ‌‍ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠢᠯ ᠲᠥᠷᠥᠯ ᠤᠨ ᠬᠦᠷᠢᠶᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠬᠢᠨᠠᠮᠠᠭᠠᠶ ᠰᠤᠳᠤᠯᠤᠨ ᠲᠣᠭᠲᠠᠭᠠᠵᠤ᠂ ᠲᠥᠰᠦᠯ ᠤᠨ ᠰᠢᠨᠵᠢᠯᠡᠬᠦ ᠤᠬᠠᠭᠠᠨᠴᠢ ᠪᠥᠭᠡᠳ ᠭᠡᠷᠡᠭᠵᠢᠬᠦᠯᠤᠭᠦᠰᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠡᠭᠭᠤᠵᠢᠭᠰᠠᠨ ᠲᠣᠭᠲᠠᠴᠠ ᠶᠢ ᠬᠦᠴᠦᠯᠡᠨ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠠᠶᠤᠯᠭᠦᠶ ᠦᠶ᠋ᠯᠡᠳᠪᠦᠷᠢᠯᠡᠯ ᠤᠨ ᠲᠤᠰᠬᠠᠶᠢᠵᠢᠬᠰᠠᠨ᠂ ᠵᠢᠷᠤᠮᠵᠢᠬᠰᠠᠨ᠂ ᠳᠦᠷᠢᠮᠵᠢᠭᠰᠡᠨ ᠬᠠᠮᠢᠶᠠᠷᠤᠯᠲᠠ ᠶᠢ ᠠᠬᠢᠭᠤᠯᠬᠤ ᠬᠡᠷᠡᠭᠲᠠᠢ ᠭᠡᠰᠡᠨ ᠪᠠᠶᠢᠨ᠎ᠠ᠃      ᠬᠤᠷᠠᠯ ᠠᠴᠠ ᠱᠠᠭᠠᠷᠳᠡᠬᠤ ᠳᠤ ᠪᠠᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ ᠬᠠᠷᠢᠭᠤᠴᠠᠯᠭ᠎ᠠ ᠶᠢ ᠠᠵᠢᠯ ᠤᠨ ᠪᠠᠶᠢᠷᠢᠨ ᠳᠤ ᠨᠠᠶᠢᠳᠠᠪᠤᠷᠢᠵᠢᠭᠤᠯᠬᠤ᠂ ᠬᠥᠮᠦᠨ ᠨᠢᠭᠡᠪᠤᠷᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠦᠨᠳᠦ ᠣᠨᠴᠠ ᠶᠡᠭᠡ ᠬᠡᠷᠡᠭ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠭᠡᠷᠡᠭᠲᠠᠢ ᠬᠡᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号