6 ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠠᠳᠤᠨ ᠭᠤᠤᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠰᠤᠶᠤᠯ ᠵᠢᠭᠤᠯᠴᠢᠯᠠᠯ ᠤᠨ ᠨᠡᠬᠡᠬᠡᠨ | ᠬᠦᠭᠵᠢᠬᠦᠯᠤᠯᠳᠡ ᠶᠢ ᠴᠢᠩᠭᠠᠳᠬᠠᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠠᠵᠢᠯ ᠤᠨ ᠬᠤᠷᠡᠯ | ᠬᠤᠷᠡᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ | ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠬᠡᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ | ᠳᠤ ᠣᠷᠣᠯᠴᠠᠪᠠ᠃ | | | | | | | ᠬᠤᠷᠠᠯ ᠠᠴᠠ ᠬᠠᠳᠤᠨ ᠭᠤᠤᠯ ᠲᠠᠭᠠᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠪᠤᠯ ᠪᠦᠬᠦ ᠤᠯᠤᠰ ᠤᠨ ᠬᠦᠭᠵᠢᠯᠳᠡ ᠶᠢᠨ ᠶᠡᠭᠡ ᠲᠡᠯ᠎ᠡ ᠳᠠᠬᠢ ᠦᠪᠤᠷ ᠮᠤᠩᠭᠤᠯ ᠤᠨ | ᠡᠷᠬᠡᠪᠰᠢ ᠰᠠᠶᠢᠳᠤᠷ ᠡᠬᠦᠷᠬᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠪᠠᠷ ᠪᠠᠷᠠᠬᠤ ᠦᠬᠡᠢ᠂ ᠦᠪᠤᠷ | ᠮᠤᠩᠭᠤᠯ ᠤᠨ ᠲᠤᠰ ᠪᠡᠶ᠎ᠡ ᠶᠢᠨ ᠬᠦᠭᠵᠢᠯᠳᠡ ᠶᠢᠨ ᠲᠤᠯᠭᠠᠮ ᠬᠡᠷᠡᠭᠴᠡᠭᠡ ᠪᠤᠯᠤᠨ ᠴᠢᠬᠤᠯᠠ ᠶᠡᠭᠡ ᠠᠵᠠ ᠲᠤᠬᠢᠶᠠᠯ | ᠪᠤᠯᠤᠨ᠎ᠠ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠯᠤᠭ᠎ᠠ ᠪᠠᠷᠢᠮᠵᠢᠶᠠᠯᠠᠵᠥ | ᠬᠠᠷᠭᠤᠭᠤᠯᠤᠨ ᠰᠤᠷᠤᠯᠴᠠᠵᠥ᠂ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠬᠰᠢᠳᠠ ᠲᠡᠭᠡᠭᠰᠢᠯᠡᠬᠦᠯᠵᠥ᠂ | ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠬᠡᠬᠦ ᠤᠢᠢᠯᠠᠭᠠᠬᠳᠠᠬᠤᠨ ᠢ ᠪᠠᠷᠢᠮᠳᠠᠯᠠᠵᠥ᠂ | ᠬᠠᠳᠤᠨ ᠭᠤᠤᠯ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ | ᠬᠠᠷᠢᠭᠤᠴᠠᠯᠭᠠᠳᠤ ᠰᠡᠳᠬᠢᠯᠬᠡ ᠪᠤᠯᠤᠨ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠳᠡᠢ ᠬᠡᠵᠤ ᠵᠢᠭᠠᠵᠤ | ᠭᠠᠷᠭᠠᠪᠠ᠃ | | | | | | | ᠬᠤᠷᠠᠯ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠯ | ᠬᠦᠴᠦᠨ ᠢ ᠴᠢᠩᠭᠠᠳᠬᠠᠬᠤ ᠶᠢ ᠪᠠᠳᠤᠯᠠᠵᠥ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠤᠷᠴᠢᠨ | ᠲᠤᠭᠤᠷᠢᠨ ᠤ ᠶᠡᠷᠤᠩᠬᠡᠶᠢᠯᠡᠭᠰᠡᠡ ᠵᠠᠰᠠᠯᠳᠠ ᠶᠢ ᠬᠦᠴᠦᠯᠡᠨ ᠰᠠᠶᠢᠳᠤᠷ ᠠᠳᠬᠤᠵᠥ᠂ ᠲᠠᠷᠢᠶᠠᠯᠠᠩ ᠮᠠᠯ ᠠᠵᠥ | ᠠᠬᠤᠢ ᠶᠢᠨ ᠦᠢᠯᠡᠳᠪᠤᠷᠢᠯᠡᠯ᠂ ᠡᠨᠧᠷᠬᠢ ᠡᠬᠢ ᠪᠠᠶᠠᠯᠢᠭ ᠢ ᠨᠡᠬᠡᠬᠡᠨ ᠬᠦᠭᠵᠢᠬᠦᠯᠵᠥ ᠠᠰᠢᠬᠯᠠᠬᠤ᠂ ᠴᠢᠬᠤᠯᠠ ᠶᠡᠭᠡ | ᠲᠦᠷᠦᠯ ᠵᠦᠢᠯ ᠪᠤᠯᠤᠨ ᠠᠵᠥ ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠦᠬᠡᠨ ᠪᠠᠶᠢᠭᠤᠯᠤᠯᠳᠠ | ᠪᠠᠶᠢᠷᠢᠰᠢᠭᠤᠯᠤᠯ ᠪᠦᠷ ᠡᠷᠬᠡᠪᠰᠢ ᠰᠠᠪᠠ ᠭᠠᠵᠠᠷ ᠤᠨ ᠪᠦᠬᠦᠯᠢ ᠴᠤᠭᠴᠠ ᠶᠢᠨ ᠠᠮᠢ ᠠᠬᠤᠢ ᠶᠢᠨ ᠬᠠᠮᠠᠭᠠᠯᠠᠯᠳᠠ ᠶᠢᠨ | ᠪᠤᠷᠤ ᠲᠦᠯᠥᠪ ᠤᠨ ᠲᠤᠳᠤᠷ᠎ᠠ ᠶᠠᠪᠤᠭᠳᠠᠬᠤ ᠬᠡᠷᠡᠭᠳᠠᠢ︔ ᠪᠣᠢ ᠪᠦᠬᠦᠢ ᠠᠵᠥ ᠦᠢᠯᠡᠰ ᠤᠨ ᠬᠦᠭᠵᠢᠯᠳᠡ ᠪᠦᠷ | ᠡᠷᠬᠡᠪᠰᠢ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠠᠮᠤᠷ ᠲᠦᠪᠰᠢᠨ ᠤ ᠪᠠᠶᠢᠷᠢᠰᠢᠯ ᠤᠨ ᠲᠤᠭᠳᠠᠭᠤᠨ | ᠪᠠᠶᠢᠳᠠᠯ ᠳᠤ ᠰᠦᠷᠳᠡᠬᠦᠯᠤᠯ ᠪᠤᠯᠬᠤ ᠦᠭᠡᠢ ᠪᠠᠶᠢᠬᠤ ᠪᠠᠷ ᠵᠠᠷᠴᠢᠮ ᠪᠤᠯᠭᠠᠬᠤ ᠬᠡᠷᠡᠭᠳᠡᠢ᠃ ᠤᠰᠤ ᠠᠷᠪᠢᠯᠠᠬᠤ | ᠤᠬᠠᠮᠰᠠᠷ ᠢ ᠪᠠᠳᠤ ᠪᠤᠢ ᠪᠤᠯᠭᠠᠵᠥ᠂ ᠤᠰᠤ ᠪᠠᠷ ᠬᠤᠳᠠ ᠶᠢ ᠲᠤᠭᠳᠠᠭᠠᠬᠤ᠂ ᠤᠰᠤ ᠪᠠᠷ ᠭᠠᠵᠠᠷ ᠢ ᠲᠤᠭᠳᠠᠭᠠᠬᠤ᠂ | ᠤᠰᠤ ᠪᠠᠷ ᠬᠦᠮᠥᠨ ᠢ ᠲᠤᠭᠳᠠᠭᠠᠬᠤ᠂ ᠤᠰᠤ ᠪᠠᠷ ᠤᠨᠠᠯᠳᠠ ᠶᠢ ᠲᠤᠭᠳᠠᠭᠠᠬᠤ ᠶᠢ ᠪᠠᠷᠢᠮᠳᠠᠯᠠᠵᠥ᠂ ᠵᠦᠢ ᠵᠤᠬᠢᠰ | ᠦᠬᠡᠢ ᠪᠠᠷ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠬᠯᠠᠬᠤ ᠬᠡᠷᠡᠭᠳᠡᠢ᠃ ᠠᠵᠥ ᠦᠢᠯᠡᠰ ᠤᠨ ᠪᠦᠳᠦᠴᠡ ᠶᠢ | ᠲᠤᠬᠢᠷᠠᠭᠤᠯᠤᠨ ᠰᠢᠯᠢᠳᠡᠭᠵᠢᠬᠦᠯᠬᠦ ᠶᠢ ᠲᠦᠷᠬᠡᠳᠬᠡᠨ ᠠᠬᠢᠭᠤᠯᠵᠥ᠂ ᠤᠷᠤᠨ ᠪᠦᠰᠡ ᠶᠢᠨ ᠪᠠᠶᠢᠭᠠᠯᠢ ᠶᠢᠨ ᠨᠦᠬᠦᠴᠡᠯ᠂ | ᠡᠬᠢ ᠪᠠᠶᠠᠯᠢᠭ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ ᠪᠤᠯᠤᠨ ᠠᠵᠥ ᠠᠬᠤᠢ ᠨᠡᠶᠢᠬᠡᠮ ᠤᠨ | ᠬᠦᠭᠵᠢᠯᠳᠡ ᠶᠢᠨ ᠰᠠᠭᠤᠷᠢ ᠶᠢ ᠦᠨᠳᠦᠰᠦᠯᠡᠨ᠂ ᠵᠦᠢ ᠵᠤᠬᠢᠰᠳᠠᠢ ᠠᠵᠥ ᠦᠢᠯᠡᠰ ᠤᠨ ᠪᠠᠶᠢᠷᠢᠰᠢᠯ ᠪᠤᠯᠤᠨ ᠠᠵᠥ | ᠦᠢᠯᠡᠰ ᠤᠨ ᠬᠡᠪᠴᠢᠶ᠎ᠡ ᠶᠢ ᠲᠤᠭᠳᠠᠭᠠᠵᠥ᠂ ᠡᠷᠬᠢᠯᠳᠡᠳᠤ ᠠᠵᠥ ᠠᠬᠤᠢ ᠶᠢ ᠬᠦᠭᠵᠢᠬᠦᠯᠬᠦ ᠬᠡᠷᠡᠭᠳᠡᠢ᠃ ᠬᠠᠳᠤᠨ | ᠭᠤᠤᠯ ᠤᠨ ᠰᠤᠶᠤᠯ ᠤᠨ ᠰᠢᠰᠲ᠋ᠧᠮ ᠲᠠᠢ ᠰᠤᠳᠤᠯᠭᠠᠨ ᠢ ᠴᠢᠩᠭᠠᠳᠬᠠᠵᠥ᠂ ᠬᠠᠳᠤᠨ ᠭᠤᠤᠯ ᠤᠨ ᠰᠤᠶᠤᠯ ᠤᠨ ᠴᠠᠭ | ᠦᠶ᠎ᠡ ᠶᠢᠨ ᠦᠨ᠎ᠡ ᠦᠷᠳᠡᠭ ᠢ ᠬᠦᠨᠵᠡᠬᠡᠢ ᠠᠭᠤᠳᠠᠯᠵᠥ᠂ ᠦᠪᠤᠷ ᠮᠤᠩᠭᠤᠯ ᠤᠨ ᠤᠨᠴᠠᠯᠢᠭ ᠲᠠᠢ ᠬᠠᠳᠤᠨ | ᠭᠤᠤᠯ ᠤᠨ ᠰᠤᠶᠤᠯ᠂ ᠲᠠᠯ᠎ᠠ ᠨᠤᠳᠤᠭ ᠤᠨ ᠰᠤᠶᠤᠯ ᠢ ᠰᠠᠶᠢᠳᠤᠷ ᠬᠠᠮᠠᠭᠠᠯᠠᠵᠥ᠂ ᠰᠠᠶᠢᠳᠤᠷ ᠤᠯᠠᠮᠵᠢᠯᠠᠨ | ᠵᠠᠯᠭᠠᠮᠵᠢᠯᠠᠵᠥ᠂ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | | |