6 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠤᠤ ᠹᠸᠢ | ᠯᠦ ᠮᠠᠨ ᠤ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ | 2020 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠤᠳᠤᠷᠢᠳᠤᠯᠭ᠎ᠠ ᠵᠸᠤ ᠱᠤᠸᠠᠢ ᠪᠤᠯᠤᠨ | ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠯ᠎ᠡ ᠪᠦᠷᠢᠯᠳᠦᠬᠦᠨ | ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠳᠡᠭᠡᠷ᠎ᠡ ᠬᠤᠰᠢᠭᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠪ ᠤᠨ ᠬᠠᠷᠢᠭᠤᠴᠠᠯᠭᠠᠳᠠᠨ | ᠠᠴᠠ ᠲᠥᠷᠥᠯ ᠵᠥᠢᠯ ᠤᠨ ᠭᠠᠵᠠᠷ ᠰᠣᠩᠭᠤᠬᠤ᠂ ᠲᠥᠯᠥᠪᠵᠢᠭᠦᠯᠭᠡ ᠶᠢᠨ ᠭᠥᠢᠴᠡᠳᠭᠡᠯ ᠲᠤᠭ᠎ᠠ ᠶᠢ ᠬᠢᠨᠠᠨ | ᠲᠣᠭᠲᠠᠭᠠᠬᠤ᠂ ᠲᠥᠯᠥᠪᠵᠢᠭᠦᠯᠭᠡᠶᠢᠨ ᠦᠷ᠎ᠡ ᠪᠦᠲᠦᠭᠡᠯ ᠢ ᠬᠢᠨᠠᠨ ᠬᠠᠷᠭᠤᠭᠤᠯᠬᠤ ᠵᠡᠷᠭᠡ ᠲᠠᠯ᠎ᠠ ᠪᠠᠷ ᠬᠠᠷᠢᠭᠤ | ᠮᠡᠳᠡᠭᠦᠯᠪᠡ᠃ ᠬᠤᠷᠠᠯ ᠠᠴᠠ ᠬᠡᠰᠡᠭ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ | ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠷᠠᠯ ᠳᠤ ᠣᠷᠣᠯᠴᠠᠭᠰᠠᠳ ᠵᠦᠢᠯ ᠳᠠᠷᠠᠭᠠᠯᠠᠨ | ᠨᠠᠷᠢᠨ ᠬᠢᠨᠠᠮᠠᠭᠠᠢ ᠶᠠᠷᠢᠯᠴᠠᠵᠤ ᠵᠠᠰᠠᠪᠤᠷᠢ ᠣᠷᠣᠭᠤᠯᠤᠨ ᠲᠠᠭᠦᠯᠳᠡᠷᠵᠢᠭᠦᠯᠭᠦ ᠰᠠᠨᠠᠯ ᠳᠤᠷᠠᠳᠪᠠ᠃ | | | | | | | ᠵᠤᠤ ᠹᠸᠢ ᠯᠦ ᠵᠢᠭᠠᠵᠤ ᠭᠠᠷᠭᠠᠭᠰᠠᠨ ᠨᠢ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠ ᠶᠢᠨ ᠵᠥᠪᠯᠡᠯᠦᠨ ᠪᠠᠲᠤᠯᠠᠭᠰᠠᠨ ᠡᠯ᠎ᠡ ᠲᠥᠷᠥᠯ ᠵᠥᠢᠯ ᠢ ᠲᠥᠷᠭᠡᠨ ᠨᠠᠶᠢᠳᠠᠪᠤᠷᠢᠵᠢᠭᠤᠯᠵᠤ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠲᠥᠯᠥᠪᠵᠢᠭᠦᠯᠭᠡ ᠶᠢᠨ ᠰᠢᠰᠲ᠋ᠧᠮ ᠢ ᠨᠠᠶᠢᠳᠠᠪᠤᠷᠢᠵᠢᠭᠤᠯᠤᠨ ᠲᠣᠰ ᠤᠳᠠᠭᠠᠨ ᠤ | ᠲᠥᠯᠥᠪᠵᠢᠭᠦᠯᠭᠡ ᠶᠢᠨ ᠺᠣᠮᠢᠰ ᠤᠨ ᠬᠢᠨᠠᠨ ᠵᠥᠪᠯᠡᠭᠰᠡᠨ ᠬᠡᠰᠡᠭ ᠲᠥᠷᠥᠯ ᠵᠥᠢᠯ ᠤᠨ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠲᠥᠰᠦᠯ ᠢ ᠪᠣᠳᠠᠲᠠᠶ ᠲᠠᠢ ᠪᠠᠨ ᠤᠶᠠᠯᠳᠤᠭᠤᠯᠤᠨ ᠤᠷᠢᠳᠴᠢᠯᠠᠨ ᠲᠥᠯᠥᠪᠯᠡᠭᠦ ᠬᠡᠷᠡᠭᠲᠡᠶ ᠭᠡᠵᠡᠢ᠃ | ᠵᠤᠤ ᠹᠸᠢ ᠯᠦ ᠴᠢᠬᠤᠯᠠᠴᠢᠯᠠᠭᠰᠠᠨ ᠨᠢ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠨ ᠰᠠᠨᠠᠯ | ᠰᠠᠨᠠᠭᠤᠯᠭ᠎ᠠ ᠶᠢ ᠰᠠᠶᠢᠲᠤᠷ ᠡᠮᠬᠢᠯᠡᠵᠦ ᠬᠠᠮᠢᠶ᠎ᠠ ᠪᠦᠬᠦᠢ ᠲᠥᠷᠥᠯ ᠵᠥᠢᠯ ᠤᠨ ᠲᠥᠯᠥᠪᠵᠢᠭᠦᠯᠭᠡ ᠵᠢᠷᠤᠭ | ᠲᠥᠯᠥᠪᠯᠡᠭᠡ ᠶᠢ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠠᠭᠦᠯᠳᠡᠷᠵᠢᠭᠦᠯᠤᠨ ᠲᠥᠷᠥᠯ ᠵᠥᠢᠯ ᠤᠨ ᠪᠦᠲᠦᠭᠡᠨ | ᠪᠠᠶᠢᠭᠤᠯᠤᠯᠲᠠ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠬᠤ ᠶᠢ ᠪᠠᠲᠤᠯᠠᠬᠤ ᠬᠡᠷᠡᠭᠲᠡᠶ᠃ | ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠥᠨᠳᠥᠷ | ᠪᠠᠷᠢᠮᠵᠢᠶ᠎ᠠ᠂ ᠥᠨᠳᠥᠷ ᠡᠬᠢᠯᠡᠯᠲᠡ ᠲᠠᠢ ᠪᠠᠷ ᠲᠥᠷᠥᠯ ᠵᠥᠢᠯ ᠢ ᠵᠥᠪᠰᠢᠶᠡᠷᠡᠨ ᠣᠷᠣᠭᠤᠯᠬᠤ ᠪᠤᠭᠤᠮᠳᠠ ᠶᠢ | ᠰᠠᠶᠢᠲᠤᠷ ᠠᠳᠬᠤᠵᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢ ᠥᠢᠯᠡᠳᠪᠤᠷᠢᠯᠠᠯ ᠡᠵᠡᠩᠨᠡᠯᠲᠡ ᠶᠢᠨ | ᠬᠡᠷᠡᠭᠴᠡᠭᠡ ᠳᠤ ᠨᠡᠶᠢᠴᠡᠭᠦᠯᠬᠦ ᠶᠢ ᠪᠠᠳᠤᠯᠠᠬᠤ ᠭᠡᠷᠡᠭᠳᠠᠢ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠤᠨ | ᠬᠤᠲᠠ ᠶᠢᠨ ᠴᠢᠳᠠᠮᠵᠢ ᠶᠢᠨ ᠳᠡᠭᠡᠭᠰᠢᠯᠡᠬᠦᠯᠦᠯᠲᠡ ᠳᠤ ᠬᠡᠷᠡᠭᠯᠡᠬᠦ ᠭᠠᠵᠠᠷ ᠤᠨ ᠬᠤᠭᠤᠷᠣᠨᠳᠣᠬᠢ ᠬᠠᠷᠢᠴᠠᠭ᠎ᠠ ᠶᠢ | ᠰᠠᠶᠢᠲᠤᠷ ᠰᠢᠢᠳᠪᠤᠷᠢᠯᠠᠵᠤ ᠠᠵᠢᠯ ᠤᠨ ᠭᠤᠣᠯᠳᠠᠯᠭ᠎ᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠬᠤᠲᠠ ᠶᠢᠨ ᠣᠷᠣᠨ ᠪᠠᠶᠢᠷᠢᠰᠢᠯ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ ᠬᠤᠲᠠ ᠶᠢᠨ ᠴᠢᠨᠠᠷ | ᠳᠡᠰ ᠪᠠ ᠳᠦᠷᠢ ᠲᠥᠷᠬᠦ ᠶᠢ ᠥᠨᠠᠠᠭᠦ ᠲᠡᠭᠡᠭᠰᠢᠯᠠᠭᠦᠯᠭᠦ ᠭᠡᠷᠡᠭᠳᠠᠢ ᠭᠡᠵᠡᠢ᠃ |