ᠠᠷᠠᠳ ᠤᠨ ᠰᠦᠯᠵᠢᠶ᠎ᠡ ᠰᠢᠨᠬᠤᠸᠠ ᠬᠤᠷᠢᠶ᠎ᠠ ᠵᠡᠷᠭᠡ ᠮᠡᠳᠡᠭᠡ ᠵᠠᠭᠤᠴᠢᠯᠠᠭᠤᠷ ᠮᠠᠨ ᠤ ᠬᠤᠰᠢᠭᠤᠨ ᠳᠤ ᠰᠣᠷᠪᠣᠯᠵᠢᠯᠠᠭ᠎ᠠ ᠬᠢᠯ᠎ᠡ
ᠨᠡᠶᠢᠲᠡᠯᠡᠭᠰᠡᠨ ᠴᠠᠭ᠄
2020/6/16
    6 ᠰᠠᠷ᠎ᠠ ᠶᠢᠨ 10 ᠤ ᠡᠳᠦᠷ᠂ ᠠᠷᠠᠳ ᠤᠨ ᠰᠦᠯᠵᠢᠶ᠎ᠡ᠂ ᠰᠢᠨᠬᠤᠸᠠ ᠬᠤᠷᠢᠶ᠎ᠠ᠂ ᠳᠣᠮᠳᠠᠳᠣ ᠣᠯᠣᠰ ᠤᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠠᠷᠪᠠ ᠭᠠᠷᠣᠢ ᠮᠡᠳᠡᠭᠡ ᠵᠠᠭᠤᠴᠢᠯᠠᠭᠤᠷ ᠤᠨ ᠬᠢᠨ ᠮᠠᠨ ᠤ ᠬᠤᠰᠢᠭᠤᠨ ᠳᠤ ᠰᠣᠷᠪᠣᠯᠵᠢᠯᠠᠭ᠎ᠠ ᠬᠢᠯ᠎ᠡ᠃
    ᠠᠵᠢᠯᠯᠠᠭᠠᠨ ᠳᠤ ᠳᠡᠳᠡ ᠳᠠᠯ᠎ᠠ ᠶᠢᠨ ᠣᠰᠣ ᠭᠠᠴᠠᠭ᠎ᠠ᠂ ᠰᠢᠷᠬᠤᠰᠣ ᠪᠠᠯᠭᠠᠰᠣ᠂ ᠪᠠᠶ᠋ᠬᠠᠤᠪᠤᠭ᠎ᠠ ᠭᠠᠴᠠᠭ᠎ᠠ᠂ ᠪᠠᠶᠠᠨᠭᠤᠣᠯ ᠭᠠᠴᠠᠭ᠎ᠠ ᠵᠢᠴᠢ ᠣᠯᠠᠭᠠᠨᠳᠣᠯᠣᠭᠠᠢ ᠪᠠᠯᠭᠠᠰᠣᠨ ᠤ ᠡᠯᠡᠰᠦ ᠵᠠᠰᠠᠬᠤ ᠠᠵᠢᠯ ᠤᠨ ᠦᠷᠳᠡᠭᠡ ᠪᠠᠷ ᠬᠦᠷᠴᠤ ᠬᠠᠮᠲᠣ ᠶᠢᠨ ᠠᠵᠣ ᠠᠬᠤᠢ ᠪᠠᠷ ᠶᠠᠳᠠᠭᠤ ᠶᠢ ᠳᠡᠳᠬᠦᠭᠰᠡᠨ᠂ ᠮᠡᠷᠭᠡᠵᠢᠯ  ᠢᠶᠠᠷ ᠶᠠᠳᠠᠭᠤ ᠶᠢ ᠳᠡᠳᠬᠦᠭᠰᠡᠨ᠂ ᠳᠦᠷᠦᠯ ᠵᠦᠢᠯ ᠢᠶᠠᠷ ᠶᠠᠳᠠᠭᠤ ᠶᠢ ᠳᠡᠳᠬᠦᠭᠰᠡᠨ᠂ ᠠᠮᠢ ᠠᠬᠤᠢ ᠶᠢᠨ ᠪᠦᠲᠦᠬᠡᠨ ᠪᠠᠶᠢᠭᠤᠯᠣᠯᠳᠠ ᠪᠠᠷ ᠶᠠᠳᠠᠭᠤ ᠶᠢ ᠳᠡᠳᠬᠦᠭᠰᠡᠨ ᠨᠡᠶᠢᠳᠡᠯᠢᠭ ᠵᠢᠱᠢᠶ᠎ᠡ ᠪᠠ ᠳᠡᠷᠢᠬᠦᠨ ᠤ ᠦᠢᠯᠡ ᠠᠵᠢᠯᠯᠠᠭᠠᠨ ᠤ ᠳᠣᠬᠠᠢ ᠨᠠᠷᠢᠨ ᠣᠶᠢᠯᠠᠭᠠᠵᠦ ᠰᠣᠷᠪᠣᠯᠵᠢᠯᠠᠨ ᠮᠡᠳᠡᠬᠡᠯᠡᠭᠰᠡᠨ ᠪᠠᠶᠢᠨ᠎ᠠ᠃
     ᠣᠶᠢᠯᠠᠭᠠᠭᠰᠠᠨ ᠢᠶᠠᠷ᠂ ᠳᠣᠰ ᠣᠳᠠᠭᠠᠨ ᠤ ᠠᠵᠢᠯᠯᠠᠭ᠎ᠠ ᠶᠢ ᠣᠷᠳᠣᠰ ᠬᠤᠳᠠ ᠶᠢᠨ ᠰᠦᠯᠵᠢᠶᠡᠨ ᠤ ᠮᠡᠳᠡᠭᠡ ᠵᠠᠩᠬᠢ ᠶᠢᠨ ᠬᠠᠮᠢᠶᠠᠷᠣᠯᠳᠠ ᠶᠢᠨ ᠠᠯᠪᠠᠨ ᠬᠡᠷ ᠠᠴᠠ ᠵᠣᠬᠢᠶᠠᠨ ᠪᠠᠶᠢᠭᠤᠯᠵᠦ ᠨᠢᠬᠡ ᠭᠠᠷᠠᠭ ᠤᠨ ᠬᠤᠭᠤᠴᠠᠭ᠎ᠠ ᠲᠠᠢ ᠪᠠᠷ ᠣᠷᠳᠣᠰ ᠬᠤᠳᠠ ᠶᠢᠨ ᠡᠯ᠎ᠡ ᠬᠤᠰᠢᠭᠤ ᠪᠠᠷ ᠬᠦᠷᠴᠤ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠰᠶᠢᠳᠪᠤᠷᠢᠲᠤ ᠪᠣᠳᠣᠯᠭ᠎ᠠ ᠪᠠᠶᠢᠷᠢᠯᠠᠭᠤᠯᠣᠯᠲᠠ ᠶᠢᠨ ᠦᠨᠳᠦᠰᠦᠨ ᠱᠠᠳᠣᠨ ᠳᠠᠬᠢ ᠦᠷ᠎ᠡ ᠪᠦᠲᠦᠮᠵᠢ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠳᠣᠮᠳᠠᠬᠢ ᠨᠡᠶᠢᠳᠡᠯᠢᠭ ᠵᠢᠱᠢᠶ᠎ᠡ᠂ ᠳᠡᠷᠢᠬᠦᠨ ᠤ ᠬᠦᠮᠦᠨ᠂ ᠳᠡᠷᠢᠬᠦᠨ ᠤ ᠦᠢᠯᠡ ᠠᠵᠢᠯᠯᠠᠭᠠᠨ ᠤ ᠳᠣᠬᠠᠢ ᠬᠦᠨᠵᠡᠬᠡᠢ ᠰᠣᠷᠪᠣᠯᠵᠢᠯᠠᠨ ᠮᠡᠳᠡᠭᠡᠯᠡᠭᠰᠡᠨ ᠪᠠᠶᠢᠨ᠎ᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ