ᠰᠦᠯᠳᠡ ᠰᠣᠮᠣᠨ ᠤ ᠨᠠᠷᠢᠡᠭᠤᠣᠯ ᠳᠣᠰᠬᠤᠨ ᠲᠣᠯᠢ ᠣᠰᠣᠨ ᠴᠦᠬᠦᠷᠣᠮ ᠤᠨ ᠣᠰᠣᠨ ᠤ ᠡᠬᠢ | ᠪᠠᠶᠠᠯᠢᠭ ᠲᠤ ᠪᠠᠨ ᠳᠦᠰᠢᠭᠯᠡᠨ ᠬᠦᠳᠡᠭᠡ ᠳᠣᠰᠬᠤᠨ ᠤ ᠵᠢᠭᠤᠯᠴᠢᠯᠠᠯ ᠪᠣᠯᠣᠨ ᠳᠣᠯᠠᠭᠠᠨ ᠬᠦᠯᠡᠮᠵᠢᠲᠣ ᠢᠳᠡᠰᠢᠨ | ᠨᠣᠭᠤᠭᠠᠨ ᠤ ᠠᠵᠣ ᠣᠶᠢᠯᠡᠰ ᠤᠨ ᠬᠠᠷᠢᠯᠴᠠᠨ ᠣᠶᠢᠯᠡᠴᠢᠯᠡᠵᠣ ᠨᠦᠭᠦᠪᠦᠷᠢᠯᠡᠭᠰᠡᠨ ᠭᠡᠯᠬᠢᠶᠡᠵᠢᠯ ᠢ ᠪᠦᠷᠢᠯᠳᠣᠭᠦᠯᠣᠨ | ᠬᠠᠮᠲᠣ ᠶᠢᠨ ᠠᠵᠣ ᠠᠬᠤᠢ ᠶᠢ ᠬᠦᠭᠵᠢᠭᠦᠯᠵᠥ ᠪᠠᠶᠢᠨ᠎ᠠ᠃ | ᠰᠦᠯᠳᠡ ᠰᠣᠮᠣᠨ ᠤ ᠨᠠᠷᠢᠡᠭᠤᠣᠯ ᠳᠣᠰᠬᠤᠨ ᠡᠨ᠋ᠨ ᠵᠢᠯ ᠤᠨ ᠬᠠᠪᠣᠷ 30 ᠭᠠᠷᠣᠢ ᠳᠦᠮᠡᠨ ᠳᠦᠭᠦᠷᠢᠭ ᠤᠨ | ᠪᠡᠯᠡ ᠮᠦᠩᠬᠦ ᠵᠠᠷᠣᠴᠠᠭᠤᠯᠣᠨ ᠪᠠᠶᠢᠭᠤᠯᠣᠭᠰᠠᠨ 30 ᠭᠠᠷᠣᠢ ᠮᠦ ᠶᠢᠨ ᠳᠠᠯᠠᠪᠠᠢ ᠲᠠᠢ ᠭᠤᠸ᠎ᠠ ᠵᠢᠮᠢᠰ᠂ ᠢᠳᠡᠰᠢᠨ | ᠨᠣᠭᠤᠭᠠᠨ ᠤ ᠲᠠᠷᠢᠮᠠᠯ ᠤᠨ ᠠᠵᠣ ᠣᠶᠢᠯᠡᠰ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠤᠨ 24 ᠳᠣᠯᠠᠭᠠᠨ | ᠬᠦᠯᠡᠮᠵᠢ ᠳᠤ ᠭᠠᠰᠢᠭᠤᠨ ᠨᠣᠭᠤᠭ᠎ᠠ ᠲᠠᠷᠢᠵᠣ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠦᠨ ᠮᠠᠯᠴᠢᠨ | ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃ ᠶᠠᠳᠠᠭᠤ ᠠᠴᠠ ᠠᠩᠬᠢᠵᠢᠷᠠᠨ ᠪᠠᠳᠣᠳᠬᠠᠭᠳᠠᠵᠣ ᠪᠠᠶᠢᠭ᠎ᠠ | ᠲᠠᠷᠢᠶᠠᠴᠢᠨ ᠶᠠᠩ ᠹᠡ ᠮᠸᠢ ᠵᠡᠷᠭᠡ ᠬᠤᠶᠡᠷ ᠠᠵᠢᠯᠴᠢᠨ ᠳᠣᠯᠠᠭᠠᠨ ᠬᠦᠯᠡᠮᠵᠢ ᠶᠢᠨ ᠭᠠᠰᠢᠭᠤᠨ ᠨᠣᠭᠤᠭ᠎ᠠ ᠶᠢ | ᠣᠰᠣᠯᠡᠨ ᠠᠷᠡᠴᠢᠯᠠᠬᠤ᠂ ᠳᠣᠯᠠᠭᠠᠨ ᠤ ᠬᠡᠮᠵᠢᠶ᠎ᠠ ᠶᠢ ᠳᠣᠬᠢᠷᠠᠭᠤᠯᠬᠤ ᠵᠡᠷᠭᠡ ᠠᠵᠢᠯ ᠳᠤ ᠡᠳᠣᠷᠵᠢᠨ ᠶᠠᠭᠠᠷᠠᠵᠣ ᠪᠠᠶᠢᠯ᠎ᠠ | ᠃ ᠲᠠᠷᠢᠶᠠᠴᠢᠨ ᠶᠠᠩ ᠹᠡ ᠮᠸᠢ ᠡᠨ᠋ᠨ ᠵᠢᠯ ᠤᠨ ᠡᠬᠢ ᠪᠠᠷ ᠨᠠᠶᠢᠳᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ | ᠪᠠᠶᠢᠷᠢ ᠶᠢᠨ ᠳᠣᠬᠢᠷᠠᠭᠤᠯᠣᠯᠲᠡ ᠪᠠᠷ ᠳᠤᠯᠠᠭᠠᠨ ᠬᠦᠯᠡᠮᠵᠢ ᠶᠢᠨ ᠠᠵᠢᠯ ᠳᠤ ᠬᠠᠪᠰᠣᠷᠬᠤ ᠶᠢᠨ ᠳᠠᠭᠠᠣ ᠲᠣᠯᠢ ᠣᠰᠣᠨ | ᠴᠦᠭᠦᠷᠣᠮ ᠤᠨ ᠣᠷᠴᠢᠨ ᠳᠣᠭᠤᠷᠢᠨ ᠢ ᠴᠡᠪᠡᠷᠯᠡᠵᠦ ᠰᠠᠷ᠎ᠠ ᠳᠤ ᠬᠤᠶᠠᠷ ᠮᠢᠩᠭ᠎ᠠ ᠭᠠᠷᠣᠢ ᠳᠦᠭᠦᠷᠢᠭ ᠤᠨ ᠴᠠᠯᠢᠩ | ᠬᠦᠯᠣᠰᠣ ᠣᠯᠳᠠᠭ ᠪᠠᠶᠢᠨ᠎ᠠ᠃ | ᠲᠠᠷᠢᠶᠠᠴᠢᠨ ᠶᠠᠩ ᠹᠡ ᠮᠸᠢ᠄ ︽ᠢᠳᠡᠰᠢᠨ ᠨᠤᠭᠤᠭᠠᠨ ᠤ ᠬᠦᠯᠡᠮᠵᠢᠨ ᠳᠤ ᠨᠤᠭᠤᠭ᠎ᠠ ᠤᠰᠤᠯᠠᠬᠤ᠂ | ᠨᠤᠭᠤᠭ᠎ᠠ ᠲᠠᠷᠢᠬᠤ᠂ ᠨᠠᠭᠤᠷ ᠤᠨ ᠬᠦᠪᠡᠭᠡ ᠲᠠᠭᠠᠥ ᠬᠤᠭ ᠲᠡᠭᠦᠨ ᠤᠷᠴᠢᠨ ᠲᠤᠭᠤᠷᠢᠨ ᠢ ᠴᠡᠪᠡᠷᠯᠡᠬᠦ᠂ ᠲᠤᠷ᠎ᠠ ᠪᠠᠷ | ᠢᠶᠠᠨ ᠵᠢᠭᠠᠰᠤ ᠬᠦᠬᠢᠳᠡᠬᠦ ᠶᠢ ᠬᠤᠷᠢᠭᠯᠠᠬᠤ ᠵᠡᠷᠭᠡ ᠠᠵᠢᠯ ᠢ ᠬᠢᠵᠦ ᠦᠪᠡᠷ ᠤᠨ ᠤᠷᠤᠯᠭ᠎ᠠ ᠪᠠᠨ ᠨᠡᠮᠡᠭᠳᠡᠬᠦᠯᠵᠦ | ᠪᠠᠶᠢᠨ᠎ᠠ᠃ ᠨᠠᠮ ᠵᠠᠰᠠᠭ ᠤᠨ ᠬᠠᠷᠠᠭᠠᠯᠵᠠᠯ ᠳᠤ ᠶᠡᠭᠡ ᠲᠠᠯᠠᠷᠬᠠᠵᠤ ᠪᠠᠶᠢᠨ᠎ᠠ︾ ᠭᠡᠪᠡ᠃ | ᠨᠠᠷᠢᠡᠭᠤᠣᠯ ᠳᠣᠰᠬᠤᠨ ᠤ ᠳᠣᠯᠠᠭᠠᠨ ᠬᠦᠯᠡᠮᠵᠢ ᠨᠢ ᠵᠢᠯ ᠳᠤ ᠬᠤᠶᠠᠷ ᠤᠳᠠᠭ᠎ᠠ ᠢᠳᠠᠰᠢᠨ ᠨᠣᠭᠤᠭ᠎ᠠ | ᠡᠬᠡᠯᠵᠢᠯᠡᠭᠦᠯᠣᠨ ᠳᠠᠷᠢᠵᠣ ᠬᠦᠯᠡᠮᠵᠢ ᠪᠣᠯᠭᠠᠨ ᠠᠴᠠ ᠪᠠᠷᠤᠭ ᠳᠥᠮᠡ ᠭᠠᠷᠣᠢ ᠳᠦᠭᠦᠷᠢᠭ ᠤᠨ ᠴᠡᠪᠡᠷ ᠣᠷᠣᠯᠭ᠎ᠠ | ᠣᠯᠬᠤ ᠪᠠᠷ ᠪᠠᠶᠢᠨ᠎ᠠ᠃ | ᠬᠤᠰᠢᠭᠤ ᠬᠦᠷᠣᠰᠣ ᠰᠢᠷᠣᠢ ᠶᠢ ᠬᠠᠮᠠᠭᠠᠯᠠᠬᠤ ᠲᠥᠪ ᠤᠨ ᠨᠠᠷᠢᠠᠭᠤᠤᠯ ᠲᠤᠰᠬᠤᠨ ᠳᠤ ᠲᠤᠮᠢᠯᠠᠭᠰᠠᠨ | ᠨᠢᠭᠡᠳᠦᠭᠡᠷ ᠱᠦᠵᠢ ᠰᠡᠷᠭᠦᠯᠡᠩ᠄ ︽ᠮᠠᠨ ᠤ ᠨᠠᠷᠢᠠᠭᠤᠤᠯ ᠲᠤᠰᠬᠤᠨ ᠶᠠᠳᠠᠭᠤ ᠠᠴᠠ ᠠᠩᠬᠢᠵᠢᠷᠠᠬᠤ ᠪᠤᠭᠤᠮᠳᠠ | ᠰᠢᠪᠲᠤᠯᠬᠤ ᠲᠠᠶᠢᠯᠠᠯᠲᠤᠭᠠᠨ ᠳᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠬᠦᠯᠦᠨ ᠬᠦᠭᠵᠢᠬᠦᠯᠬᠦ ᠶᠢᠨ ᠲᠤᠰᠠᠳᠠ | ᠲᠤᠰ ᠬᠦᠯᠡᠮᠵᠢ ᠶᠢ ᠪᠠᠷᠢᠭᠰᠠᠨ ᠶᠤᠮ᠃ ᠲᠠᠷᠢᠬᠤ ᠳᠤ ᠪᠠᠨ ᠨᠤᠭᠤᠭ᠎ᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ | ᠰᠤᠩᠭᠤᠵᠤ ᠪᠠᠶᠢᠴᠠᠭᠠᠯᠲᠠ ᠬᠢᠭᠡᠳ ᠬᠠᠮᠤᠭ ᠡᠴᠦᠰ ᠲᠡᠭᠡᠨ ᠯᠠᠵᠤᠤ ᠲᠠᠷᠢᠵᠠᠢ᠃ ᠬᠦᠯᠡᠮᠵᠢ ᠪᠤᠯᠭᠠᠨ ᠤ ᠲᠠᠯᠠᠪᠠᠢ | ᠶᠢᠨ ᠭᠡᠪᠴᠢᠶ᠎ᠡ ᠨᠢ 0.8 ᠮᠤ᠋᠂ ᠵᠢᠯ ᠤᠨ ᠡᠴᠦᠰ ᠲᠤ ᠬᠦᠯᠡᠮᠵᠢ ᠪᠣᠯᠭᠠᠨ ᠤ ᠣᠷᠣᠯᠭ᠎ᠠ ᠨᠢ ᠲᠦᠮᠡᠨ ᠲᠦᠭᠦᠷᠢᠭ ᠢ | ᠲᠠᠪᠠᠨ᠎ᠠ ᠭᠡᠵᠦ ᠪᠤᠳᠤᠵᠤ ᠪᠠᠶᠢᠨ᠎ᠠ︾ ᠬᠡᠪᠡ᠃ | ᠨᠠᠷᠢᠡᠭᠤᠣᠯ ᠳᠣᠰᠬᠤᠨ ᠨᠢ ᠰᠦᠯᠳᠡ ᠰᠣᠮᠣᠨ ᠤ ᠲᠣᠯᠢ ᠶᠢᠨ ᠭᠤᠣᠯ ᠤᠨ ᠳᠣᠣᠷᠡᠲᠣ ᠣᠷᠣᠰᠬᠠᠯ ᠪᠣᠯᠬᠤ | ᠨᠠᠷᠢᠨ ᠭᠤᠣᠯ ᠤᠨ ᠬᠤᠶᠠᠷ ᠳᠠᠨᠵᠢ ᠪᠠᠷ ᠰᠠᠭᠤᠷᠢᠰᠢᠵᠣ ᠤᠰᠣᠨ ᠤ ᠡᠬᠢ ᠰᠣᠷᠪᠣᠯᠵᠢ ᠪᠠᠷ ᠪᠠᠶᠠᠯᠢᠭ ᠲᠣᠯᠢ ᠤᠰᠤᠨ | ᠴᠦᠬᠦᠷᠣᠮ ᠲᠠᠢ ᠪᠠᠶᠢᠳᠠᠭ᠃ ᠡᠨᠡᠬᠦ ᠣᠰᠣᠨ ᠴᠦᠬᠦᠷᠣᠮ ᠤᠨ ᠳᠠᠪᠠᠭᠤᠯᠢᠭ ᠲᠤ ᠪᠠᠨ ᠳᠦᠰᠢᠭᠯᠡᠨ ᠨᠠᠷᠢᠡᠭᠤᠣᠯ | ᠳᠣᠰᠬᠤᠨ ᠨᠢ ᠤᠰᠣ᠂ ᠡᠯᠡᠰᠤ ᠮᠠᠩᠬ᠎ᠠ᠂ ᠠᠷᠴᠠᠨ ᠪᠠᠯᠠᠷ᠂ ᠴᠠᠬᠢᠷᠮ᠎ᠠ ᠶᠢᠨ ᠴᠡᠴᠡᠭ ᠵᠡᠷᠭᠡ ᠦᠵᠡᠮᠵᠢ ᠪᠠᠷ | ᠰᠡᠳᠣᠪᠯᠡᠭᠰᠡᠨ ᠬᠥᠳᠡᠭᠡ ᠳᠣᠰᠬᠤᠨ ᠤ ᠵᠢᠭᠤᠯᠴᠢᠯᠡᠯ ᠪᠣᠯᠣᠨ ᠳᠣᠯᠠᠭᠠᠨ ᠬᠦᠯᠡᠮᠵᠢ ᠶᠢᠨ ᠭᠤᠸ᠎ᠠ ᠵᠢᠮᠢᠰ᠂ ᠢᠳᠡᠰᠢᠨ | ᠨᠣᠭᠤᠭ᠎ᠠ ᠶᠢ ᠪᠠᠶᠠᠴᠢᠯᠠᠨ ᠳᠡᠭᠦᠭᠦ ᠵᠡᠷᠭᠡ ᠶᠢ ᠣᠶᠠᠯᠳᠣᠭᠤᠯᠣᠭᠰᠠᠨ ᠬᠡᠯᠬᠢᠶᠠᠵᠢᠯ ᠢ ᠪᠦᠷᠢᠯᠳᠦᠭᠦᠯᠵᠥ ᠬᠠᠮᠲᠣ ᠶᠢᠨ | ᠠᠵᠣ ᠠᠬᠤᠢ ᠶᠢ ᠭᠦᠭᠵᠢᠭᠦᠯᠭᠦ ᠳᠤ ᠰᠠᠭᠤᠷᠢ ᠳᠠᠯᠪᠢᠭᠰᠠᠨ ᠪᠠᠶᠢᠨ᠎ᠠ᠃ | | | |