ᠤᠶᠢᠷ᠎ᠠ ᠶᠢᠨ ᠡᠳᠤᠷ᠂ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠣᠯ ᠭᠠᠴᠠᠭᠠᠨ ᠳᠤ ︽ᠮᠠᠯ ᠲᠠᠷᠢᠶᠠᠯᠠᠩ ᠤᠨ | ᠠᠵᠦ ᠦᠢᠯᠡᠰ + ᠰᠤᠶᠤᠯ ᠵᠢᠭᠤᠯᠴᠢᠯᠠᠯ︾ ᠤᠨ ᠦᠵᠡᠬᠦᠯᠦᠯᠭᠡ ᠶᠢᠨ ᠰᠠᠷ᠎ᠠ ᠶᠢᠨ ᠰᠢᠷᠢᠰ ᠠᠵᠢᠯᠯᠠᠭᠠᠨ ᠢ | ᠶᠠᠪᠤᠭᠳᠠᠭᠤᠯᠤᠯ᠎ᠠ᠃ | ᠤᠯᠠᠭᠠᠨᠳᠤᠯᠤᠭᠠᠢ ᠪᠠᠯᠭᠠᠰᠣᠨ ᠤ ᠵᠠᠰᠠᠭ ᠤᠨ ᠣᠷᠳᠣᠨ ᠠᠴᠠ ᠭᠤᠣᠯᠴᠢᠯᠠᠨ ᠡᠷᠬᠢᠯᠡᠭᠰᠡᠨ ︽ᠮᠠᠯ ᠲᠠᠷᠢᠶᠠᠯᠠᠩ | ᠤᠨ ᠠᠵᠦ ᠦᠢᠯᠡᠰ + ᠰᠤᠶᠤᠯ ᠵᠢᠭᠤᠯᠴᠢᠯᠠᠯ︾ ᠭᠤᠣᠯ ᠰᠡᠳᠣᠪᠳᠣ ᠠᠵᠢᠯᠯᠠᠭ᠎ᠠ ᠨᠢ ︽ᠬᠤᠸᠠᠩ ᠰᠢᠶᠠᠩ︾ | ᠳᠡᠮᠲᠡᠭᠲᠥ ᠭᠠᠭ᠋ᠠᠢ ᠶᠢᠨ ᠮᠢᠬᠠᠨ ᠤ ᠠᠵᠣ ᠣᠶᠢᠯᠡᠰ ᠤᠨ ᠬᠦᠭᠵᠢᠭᠦᠯᠣᠯᠲᠡ ᠶᠢᠨ ᠪᠠᠶᠢᠯᠳᠤᠬᠤ ᠪᠤᠳᠤᠯᠭ᠎ᠠ ᠶᠢᠨ | ᠬᠠᠮᠳᠣᠷᠠᠯᠴᠠᠭᠠᠨ ᠤ ᠡᠬᠢᠯᠯᠡᠲᠡ ᠶᠢᠨ ᠬᠤᠷᠠᠯ᠂ ︽ᠲᠠᠪᠴᠠᠩ︾ ᠠᠯᠠᠭᠠᠨ ᠲᠡᠭᠡᠷᠡᠭᠢ ᠮᠠᠯᠵᠢᠯ ᠤᠨ ᠲᠠᠯᠠᠪᠠᠢ ᠶᠢᠨ ᠮᠠᠯ | ᠲᠠᠷᠢᠶᠠᠯᠠᠩ ᠤᠨ ᠤᠶᠢᠯᠡᠰ ᠤᠨ ᠬᠤᠷᠠᠯ ᠵᠢᠴᠢ ᠤᠯᠠᠭᠠᠨᠳᠤᠯᠤᠭᠠᠢ ᠪᠠᠯᠭᠠᠰᠣᠨᠤ ᠪᠦᠬᠦ ᠤᠷᠤᠨ ᠪᠦᠰᠡ ᠶᠢᠨ | ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠭᠤᠯᠤᠨ ᠤᠯᠠᠭᠠᠨᠳᠤᠯᠤᠭᠠᠢ ᠪᠠᠯᠭᠠᠰᠣᠨ ᠤ ᠪᠦᠬᠦ ᠤᠷᠤᠨ | ᠪᠦᠰᠡ ᠶᠢᠨ ᠵᠢᠭᠤᠯᠴᠢᠯᠠᠯ᠂ ︽ᠬᠤᠸᠠᠩ ᠰᠢᠶᠠᠩ︾ ᠳᠡᠮᠲᠡᠭᠲᠥ ᠭᠠᠭ᠋ᠠᠢ ᠶᠢᠨ ᠠᠵᠣ ᠣᠶᠢᠯᠡᠰ ᠤᠨ ᠬᠦᠭᠵᠢᠯᠲᠡ ᠪᠠ | ᠬᠠᠮᠲᠤᠷᠠᠯᠴᠠᠭ᠎ᠠ᠂ ᠤᠨᠴᠠᠯᠢᠭᠲᠤ ᠪᠠᠯᠭᠠᠰᠤ ᠲᠤᠰᠬᠤᠨ ᠤ ᠤᠬᠠᠭᠤᠯᠭ᠎ᠠ ᠵᠡᠷᠭᠡ ᠲᠠᠯ᠎ᠠ ᠪᠠᠷ ᠬᠦᠢᠴᠡᠳ | ᠲᠠᠨᠢᠯᠴᠠᠭᠤᠯᠤᠨ ᠤᠬᠠᠭᠤᠯᠵᠦ ᠤᠯᠠᠭᠠᠨᠳᠤᠯᠤᠭᠠᠢ ᠪᠠᠯᠭᠠᠰᠣᠨ ᠤ ᠬᠦᠨ ᠬᠦᠨᠵᠡᠭᠡᠢ ᠰᠣᠶᠣᠯ ᠲᠡᠤᠬᠡ ᠶᠢᠨ | ᠠᠭᠤᠯᠤᠭᠳᠠᠬᠤᠨ᠂ ᠪᠠᠳᠠᠷᠠᠨ ᠬᠦᠭᠵᠢᠵᠦ ᠪᠠᠶᠢᠬᠤ ᠰᠢᠨᠵᠢ ᠳᠡᠮᠳᠡᠭ ᠢ ᠬᠦᠢᠴᠡᠳ ᠢᠯᠡᠷᠡᠬᠦᠯᠦᠭᠰᠡᠨ ᠪᠠᠶᠢᠨ᠎ᠠ᠃ | | | | | | | ᠣᠶᠢᠷ᠎ᠠ ᠶᠢᠨ ᠵᠢᠯ ᠠᠴᠠ ᠨᠠᠰᠢ ᠤᠯᠠᠭᠠᠨᠳᠤᠯᠤᠭᠠᠢ ᠪᠠᠯᠭᠠᠰᠣ ᠨᠢ ᠠᠵᠣ ᠣᠶᠢᠯᠡᠰ ᠢ ᠭᠦᠭᠵᠢᠭᠦᠯᠥᠨ | ᠮᠠᠨᠳᠣᠭᠤᠯᠬᠤ ᠢ ᠲᠠᠷᠢᠭᠦᠨ ᠪᠠᠶᠢᠷᠢᠨ ᠳᠤ ᠳᠠᠯᠪᠢᠵᠣ ︽ᠬᠤᠸᠠᠩ ᠰᠢᠶᠠᠩ︾ ᠲᠡᠮᠳᠡᠭᠲᠥ ᠭᠠᠭ᠋ᠠᠢ ᠶᠢᠨ ᠮᠢᠬᠠᠨ ᠤ ᠠᠵᠣ | ᠣᠶᠢᠯᠡᠰ ᠤᠨ ᠬᠤᠯᠪᠣᠭᠠᠯᠠᠭᠰᠠᠨ ᠴᠣᠭᠴᠠ᠂ ᠲᠠᠯ᠎ᠠ ᠨᠣᠳᠤᠭ ᠤᠨ ᠣᠯᠠᠭᠠᠨ ᠦᠬᠡᠷ ᠤᠨ ᠠᠵᠣ ᠣᠶᠢᠯᠡᠰ ᠤᠨ | ᠬᠤᠯᠪᠣᠭᠠᠯᠠᠭᠰᠠᠨ ᠴᠣᠭᠴᠠ᠂ ᠣᠷᠳᠣᠰ ᠨᠠᠷᠢᠨ ᠨᠣᠣᠰᠣᠳᠣ ᠬᠤᠨᠢᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ᠂ | ᠦᠣᠰᠢᠨ ᠠᠳᠣᠭᠤᠨ ᠤ ᠡᠭᠦᠯᠳᠡᠷ ᠢ ᠬᠠᠮᠠᠭᠠᠯᠠᠨ ᠮᠠᠯᠵᠢᠬᠤ ᠰᠠᠭᠤᠷᠢᠨ ᠭᠠᠵᠠᠷ᠂ ᠪᠠᠶᠠᠡᠭᠤᠣᠯ ᠭᠠᠴᠠᠭᠠᠨ ᠤ | ᠪᠤᠯᠠᠭ ᠤᠨ ᠤᠰᠣᠨ ᠤ ᠣᠶᠢᠯᠡᠳᠪᠣᠷᠢ ᠵᠡᠷᠭᠡ ᠠᠵᠣ ᠣᠶᠢᠯᠡᠰ ᠢ ᠭᠦᠭᠵᠢᠭᠦᠯᠥᠨ ᠤᠷᠢᠳ ᠬᠤᠵᠢᠳ ᠪᠦᠬᠦ | ᠣᠯᠣᠰ ᠤᠨ ︽ᠨᠢᠭᠡ ᠭᠠᠴᠠᠭ᠎ᠠ ᠳᠣᠰᠬᠤᠨ ᠨᠢᠭᠡ ᠨᠡᠷ᠎ᠡ ᠲᠡᠮᠳᠡᠭ ᠲᠠᠢ︾ ᠪᠠᠶᠢᠬᠤ ᠵᠢᠱᠢᠶᠡᠴᠢ ᠪᠠᠯᠭᠠᠰᠣ᠂ ᠪᠦᠬᠦ | ᠣᠯᠣᠰ ᠤᠨ ᠬᠦᠳᠡᠭᠡ ᠳᠣᠰᠬᠤᠨ ᠢ ᠬᠦᠭᠵᠢᠭᠦᠯᠥᠨ ᠮᠠᠨᠳᠣᠭᠤᠯᠬᠤ ᠵᠢᠱᠢᠶᠡᠴᠢ ᠪᠠᠯᠭᠠᠰᠣ ᠵᠡᠷᠭᠡ ᠢᠷᠡᠭᠤ ᠠᠯᠳᠠᠷ ᠢ | ᠬᠦᠷᠳᠡᠭᠰᠡᠨ ᠪᠠᠶᠢᠨ᠎ᠠ᠃ | | | | | | | | | |