6 ᠰᠠᠷ᠎ᠠ ᠶᠢᠨ 15 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ | ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠲᠤᠮᠳᠠᠳᠤ ᠯᠠᠤᠰ ᠤᠨ ᠬᠢᠵᠢᠭ ᠲᠠᠢ ᠲᠡᠮᠡᠴᠡᠬᠦ | ᠬᠠᠮᠳᠤᠷᠠᠯᠴᠠᠭᠠᠨ ᠤ ᠲᠤᠬᠠᠢ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠲᠦᠪ ᠬᠤᠷᠢᠶᠡᠨ ᠤ ᠶᠡᠷᠤᠩᠬᠡᠢ | ᠱᠦᠵᠢ᠂ ᠤᠯᠤᠰ ᠤᠨ ᠲᠡᠷᠢᠬᠦᠯᠡᠭᠴᠢ ᠪᠧᠨᠶᠠᠩ ᠲᠠᠢ ᠬᠠᠷᠢᠯᠴᠠᠨ ᠮᠡᠨᠳᠤᠴᠢᠯᠠᠪᠠ᠃ | ᠰᠢ ᠶᠢᠨ ᠫᠢᠩ᠂ ᠶᠡᠷᠤᠩᠬᠡᠢ ᠱᠦᠵᠢ ᠨᠦᠬᠦᠷ ᠤᠨ ᠢᠷᠡᠬᠦᠯᠥᠭᠰᠡᠡ ᠬᠠᠯᠠᠭᠤᠨ ᠰᠡᠳᠬᠢᠯᠬᠡ ᠪᠠᠷ ᠪᠢᠯᠬᠠᠮ᠎ᠠ | ᠵᠠᠬᠢᠳᠠᠯ ᠢ ᠲᠤᠰᠤᠭᠠᠳ ᠮᠠᠰᠢ ᠪᠠᠶᠠᠷᠯᠡᠪᠡ᠃ ᠲᠤᠮᠳᠠᠳᠤ ᠤᠯᠤᠰ ᠤᠨ ᠲᠤᠰᠠᠯᠠᠮᠵᠢ ᠯᠠᠤᠰ ᠤᠨ ᠬᠢᠵᠢᠭ ᠲᠠᠢ ᠲᠡᠮᠡᠴᠡᠬᠦ | ᠠᠵᠢᠯ ᠳᠤ ᠢᠳᠡᠪᠬᠢᠳᠠᠢ ᠦᠢᠯᠡᠳᠦᠯ ᠭᠠᠷᠭᠠᠭᠰᠠᠨ ᠢ ᠤᠯᠵᠥ ᠮᠡᠳᠡᠬᠡᠳ ᠪᠢ ᠮᠠᠰᠢ ᠪᠠᠶᠠᠷᠯᠠᠯ᠎ᠠ᠃ ᠠᠳᠡ ᠪᠢ | ᠲᠤᠮᠳᠠᠳᠤ ᠤᠯᠤᠰ ᠤᠨ ᠨᠠᠮ᠂ ᠵᠠᠰᠠᠭ ᠤᠨ ᠤᠷᠳᠤᠨ᠂ ᠠᠷᠠᠳ ᠲᠦᠮᠡᠨ ᠤ ᠡᠮᠤᠨ᠎ᠡ ᠠᠴᠠ᠂ ᠯᠠᠤᠰ ᠤᠨ | ᠲᠠᠯ᠎ᠠ ᠶᠢᠨ ᠬᠢᠨ ᠶᠡᠷᠤᠩᠬᠡᠢ ᠱᠦᠵᠢ ᠨᠦᠬᠦᠷ ᠢᠶᠠᠷ ᠲᠦᠷᠦᠬᠦᠯᠡᠬᠦᠯᠦᠭᠰᠡᠨ ᠯᠠᠤᠰ ᠤᠨ ᠨᠠᠮ ᠤᠨ ᠲᠦᠪ ᠬᠤᠷᠢᠶᠡᠨ ᠤ | ᠪᠠᠳᠤ ᠴᠢᠩᠭ᠎ᠠ ᠤᠳᠤᠷᠢᠳᠤᠯᠭ᠎ᠠ ᠲᠤᠤᠷ᠎ᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠠᠭᠠᠨ ᠱᠠᠳᠤᠴᠢ | ᠴᠢᠨᠠᠷᠳᠠᠢ ᠠᠮᠵᠢᠯᠳᠠ ᠤᠯᠤᠬᠰᠠᠠ ᠳᠤ ᠴᠢᠩ ᠰᠡᠳᠬᠢᠯ ᠠᠴᠠ ᠪᠠᠨ ᠪᠡᠶᠡᠷ ᠬᠦᠷᠬᠡᠵᠥ ᠪᠠᠶᠢᠨ᠎ᠠ᠃ ᠲᠤᠮᠳᠠᠳᠤ ᠤᠯᠤᠰ | ᠲᠤᠷᠠᠳᠠᠶ᠎ᠠ ᠯᠠᠤᠰ ᠯᠤᠭ᠎ᠠ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠨ ᠴᠢᠩᠭᠠᠳᠬᠠᠵᠥ᠂ ᠲᠤᠮᠳᠠᠳᠤ ᠯᠠᠤᠰ ᠬᠤᠶᠠᠷ | ᠲᠡᠯ᠎ᠡ ᠪᠤᠯᠤᠨ ᠲᠡᠯᠡᠬᠡᠢ ᠨᠡᠶᠢᠬᠡᠮ ᠤᠨ ᠬᠠᠮᠳᠤ ᠶᠢᠨ ᠴᠢᠷᠮᠡᠶᠢᠯᠭ᠎ᠠ ᠪᠠᠷ ᠬᠢᠵᠢᠭ ᠲᠠᠢ ᠲᠡᠮᠡᠴᠡᠬᠦ ᠲᠡᠮᠡᠴᠡᠯ ᠤᠨ | ᠡᠴᠤᠰ ᠤᠨ ᠢᠯᠠᠯᠳᠠ ᠶᠢ ᠯᠠᠪᠳᠠᠢ ᠤᠯᠤᠨ᠎ᠠ ᠬᠡᠳᠡᠭ ᠢ ᠢᠳᠡᠬᠡᠵᠥ ᠪᠠᠶᠢᠨ᠎ᠠ ᠬᠡᠵᠥ ᠢᠯᠡᠳᠬᠡᠪᠡ᠃ | ᠪᠢ ᠲᠤᠮᠳᠠᠳᠤ ᠯᠠᠤᠰ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠬᠦᠭᠵᠢᠬᠦᠯᠬᠦ ᠶᠢ ᠲᠡᠬᠡᠳᠤ | ᠬᠡᠮᠵᠢᠶ᠎ᠡ ᠪᠠᠷ ᠴᠢᠬᠤᠯᠠᠴᠢᠯᠠᠵᠥ᠂ ᠲᠤᠷᠠᠳᠠᠶ᠎ᠠ ᠲᠠᠨ ᠲᠠᠢ ᠬᠠᠮᠳᠤ ᠪᠠᠷ ᠴᠢᠷᠮᠡᠶᠢᠨ᠂ ᠬᠤᠶᠠᠷ ᠲᠡᠯ᠎ᠡ ᠶᠢᠨ ᠴᠢᠬᠤᠯᠠ | ᠬᠠᠮᠳᠤ ᠶᠢᠨ ᠲᠠᠨᠢᠯᠳᠠ ᠶᠢ ᠰᠠᠶᠢᠳᠤᠷ ᠨᠠᠶᠢᠳᠠᠪᠤᠷᠢᠵᠢᠭᠤᠯᠬᠤ ᠶᠢ ᠠᠬᠢᠭᠤᠯᠵᠥ᠂ ᠲᠤᠮᠳᠠᠳᠤ ᠯᠠᠤᠰ ᠤᠨ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠵᠥ᠂ ᠬᠤᠶᠠᠷ ᠤᠯᠤᠰ ᠪᠤᠯᠤᠨ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠤᠨ᠎ᠠ᠃ | ᠡᠬᠦᠨ ᠠᠴᠠ ᠡᠮᠤᠨ᠎ᠡ᠂ ᠪᠧᠨᠶᠠᠩ ᠲᠤᠮᠳᠠᠳᠤ ᠤᠯᠤᠰ ᠠᠴᠠ ᠯᠠᠤᠰ ᠤᠨ ᠰᠢᠨ᠎ᠡ ᠲᠢᠳᠢᠮᠯᠢᠭ ᠠᠭᠤᠰᠬᠢᠨ | ᠦᠷᠪᠢᠰᠤᠯ ᠤᠨ ᠬᠢᠵᠢᠭ ᠲᠠᠢ ᠲᠡᠮᠡᠴᠡᠬᠦ ᠠᠵᠢᠯ ᠢ ᠲᠠᠮᠵᠢᠭᠰᠡᠨ ᠲᠤᠬᠠᠢ ᠶᠡᠷᠤᠩᠭᠡᠢ ᠱᠦᠵᠢ ᠰᠢ ᠶᠢᠨ ᠫᠢᠩ ᠳᠤ | ᠲᠠᠯᠠᠷᠬᠠᠯ ᠤᠨ ᠵᠠᠬᠢᠳᠠᠯ ᠢᠯᠡᠭᠡᠪᠡ᠃ ᠪᠧᠨᠶᠠᠩ᠂ ᠯᠠᠤᠰ ᠤᠨ ᠲᠠᠯ᠎ᠠ ᠶᠢᠨ ᠭᠤᠶᠤᠴᠢᠯᠠᠯ ᠢᠶᠠᠷ ᠲᠤᠮᠳᠠᠳᠤ ᠤᠯᠤᠰ ᠤᠨ | ᠨᠠᠮ ᠪᠠ ᠵᠠᠰᠠᠭ ᠤᠨ ᠤᠷᠳᠤᠨ ᠶᠡᠷᠤᠩᠭᠡᠢ ᠱᠦᠵᠢ ᠨᠦᠬᠦᠷ ᠤᠨ ᠵᠢᠭᠠᠪᠤᠷᠢ ᠶᠢᠨ ᠵᠤᠷᠢᠭ ᠰᠠᠨᠠᠭ᠎ᠠ ᠪᠠᠷ᠂ ᠯᠠᠤᠰ ᠲᠤ | ᠬᠢᠵᠢᠭ ᠲᠠᠢ ᠲᠡᠮᠡᠴᠡᠬᠦ ᠡᠮᠴᠢᠯᠡᠭᠡᠨ ᠤ ᠲᠤᠰᠬᠠᠢ ᠮᠡᠷᠭᠡᠵᠢᠯᠳᠠᠨ ᠤ ᠲᠤᠭᠤᠢᠢᠯᠠᠩ ᠢ ᠦᠳᠳᠡᠷ ᠲᠦᠷᠭᠡᠨ ᠲᠤᠮᠢᠯᠠᠨ | ᠢᠷᠡᠬᠦᠯᠦᠭᠰᠡᠨ ᠪᠦᠭᠡᠳ ᠶᠡᠭᠡ ᠬᠡᠮᠵᠢᠶᠠᠨ ᠤ ᠬᠢᠵᠢᠭ ᠢ ᠰᠡᠷᠭᠡᠶᠢᠯᠡᠬᠦ ᠡᠳ᠋ ᠪᠤᠳᠠᠰ ᠪᠠ ᠠᠪᠤᠷᠠᠨ ᠡᠮᠨᠡᠬᠦ ᠡᠮ ᠲᠠᠩ | ᠬᠠᠨᠭ᠍ᠭᠠᠵᠤ᠂ ᠯᠠᠤᠰ ᠤᠨ ᠬᠢᠨ ᠢ ᠬᠠᠪᠰᠤᠷᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠠᠨ ᠢ | ᠠᠪᠤᠷᠠᠨ ᠡᠮᠨᠡᠬᠦ ᠠᠵᠢᠯ ᠦᠷᠨᠢᠬᠦᠯᠪᠠ᠃ ᠲᠤᠮᠳᠠᠳᠤ ᠤᠯᠤᠰ ᠠᠴᠠ ᠯᠠᠤᠰ ᠤᠨ ᠬᠢᠨ ᠤ ᠬᠢᠵᠢᠭ ᠲᠠᠢ ᠲᠡᠮᠡᠴᠡᠬᠦ | ᠠᠵᠢᠯ ᠳᠤ ᠦᠵᠡᠬᠦᠯᠦᠭᠰᠡᠨ ᠲᠤᠰᠠᠯᠠᠮᠵᠢ ᠨᠢ ᠯᠠᠤᠰ ᠲᠤᠮᠳᠠᠳᠤ ᠬᠤᠶᠠᠷ ᠨᠠᠮ᠂ ᠬᠤᠶᠠᠷ ᠤᠯᠤᠰ᠂ ᠬᠤᠶᠠᠷ | ᠤᠯᠤᠰ ᠤᠨ ᠠᠷᠠᠳ ᠲᠦᠮᠡᠨ ᠤ ᠬᠤᠭᠤᠷᠤᠨᠳᠤᠬᠢ ᠦᠨᠢ ᠤᠳᠠᠭᠠᠨ ᠲᠤᠳᠤᠨᠤ ᠨᠦᠬᠦᠷᠯᠠᠯ ᠪᠤᠯᠤᠨ ᠠᠬ᠎ᠠ ᠲᠡᠬᠦᠤ | ᠠᠨᠳᠠ ᠨᠦᠬᠦᠷ ᠮᠠᠳᠤ ᠬᠠᠮᠳᠤᠷᠠᠯᠴᠠᠵᠤ ᠬᠠᠷᠢᠯᠴᠠᠨ ᠬᠠᠪᠰᠤᠷᠤᠯᠴᠠᠬᠤ ᠬᠠᠷᠢᠯᠴᠠᠭ᠎ᠠ ᠶᠢ ᠬᠦᠢᠴᠡᠳ ᠬᠠᠷᠠᠭᠤᠯᠵᠤ᠂ | ᠯᠠᠤᠰ ᠲᠤᠮᠳᠠᠳᠤ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠵᠤᠷᠢᠭ ᠰᠠᠨᠠᠭ᠎ᠠ ᠶᠢ ᠠᠮᠢᠳᠤᠯᠢᠭ ᠢᠶᠠᠷ | ᠲᠠᠶᠢᠯᠪᠤᠷᠢᠯᠡᠵᠤ᠂ ᠯᠠᠤᠰ ᠤᠨ ᠬᠢᠨ ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ | ᠪᠦᠳᠦᠮᠵᠢᠳᠠᠢ ᠠᠷᠭᠠᠴᠠᠭᠠᠵᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠬᠦᠯ ᠮᠠᠨᠳᠤ ᠶᠢ ᠬᠠᠮᠠᠭᠠᠯᠠᠬᠤ ᠳᠤ ᠴᠢᠬᠤᠯᠠ ᠬᠤᠪᠢ ᠨᠠᠮᠡᠷᠢ ᠦᠵᠡᠬᠦᠯᠵᠠᠢ ᠭᠡᠵᠤ ᠢᠯᠡᠳᠭᠡᠪᠡ᠃ | ᠪᠢ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠲᠦᠪ ᠬᠤᠷᠢᠶ᠎ᠠ᠂ ᠯᠠᠤᠰ ᠤᠨ ᠵᠠᠰᠠᠬ ᠤᠨ ᠤᠷᠳᠤᠨ | ᠪᠤᠯᠤᠨ ᠠᠷᠠᠳ ᠲᠦᠮᠡᠨ ᠵᠢᠴᠢ ᠬᠤᠪᠢ ᠶᠢᠨ ᠨᠡᠷ᠎ᠠ ᠪᠠᠷ ᠢᠶᠠᠨ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ | ᠨᠦᠬᠦᠷ ᠲᠤ᠂ ᠲᠡᠷᠡᠴᠢᠯᠠᠨ ᠲᠠᠨ ᠢᠶᠠᠷ ᠲᠠᠮᠵᠢᠨ ᠤᠷᠳᠤ ᠬᠤᠭᠤᠴᠠᠭᠠᠨ ᠳᠤ ᠯᠠᠤᠰ ᠤᠨ ᠨᠠᠮ᠂ ᠵᠠᠰᠠᠬ ᠤᠨ ᠤᠷᠳᠤᠨ | ᠪᠤᠯᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠬᠤᠪᠢᠰᠬᠠᠯ ᠪᠠ ᠪᠦᠳᠤᠬᠡᠨ ᠪᠠᠶᠢᠭᠤᠯᠤᠯᠳᠠ ᠶᠢᠨ | ᠤᠢᠢᠯᠡᠰ ᠢ ᠴᠢᠬᠤᠯᠠᠴᠢᠯᠠᠵᠤ᠂ ᠬᠠᠯᠠᠮᠵᠢᠯᠠᠨ ᠲᠡᠮᠵᠢᠭᠰᠡᠭᠡᠷ ᠢᠷᠡᠭᠰᠡᠨ ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶ᠎ᠠ᠂ ᠳᠤᠮᠳᠠᠳᠤ ᠤᠯᠤᠰ ᠤᠨ ᠵᠠᠰᠠᠬ ᠤᠨ ᠤᠷᠳᠤᠨ ᠪᠤᠯᠤᠨ ᠠᠬ᠎ᠠ ᠲᠡᠬᠦᠤ ᠰᠢᠭ ᠳᠤᠮᠳᠠᠳᠤ ᠤᠯᠤᠰ ᠤᠨ | ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠤ ᠬᠦᠨᠳᠤᠳᠬᠡᠯ ᠢᠶᠠᠨ ᠲᠡᠪᠰᠢᠬᠦᠯᠵᠤ | ᠪᠠᠶᠢᠨ᠎ᠠ᠃ | ᠠᠬ᠎ᠠ ᠲᠡᠬᠦᠤ ᠰᠢᠭ ᠳᠤᠮᠳᠠᠳᠤ ᠤᠯᠤᠰ ᠤᠨ ᠠᠷᠠᠳ ᠲᠦᠮᠡᠨ ᠶᠠᠷᠤᠩᠬᠡᠢ ᠱᠦᠵᠢ ᠪᠠᠷ ᠭᠤᠤᠯ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠶᠢᠨ ᠤᠢᠢᠯᠡᠰ ᠢ | ᠠᠬᠢᠭᠤᠯᠬᠤ ᠪᠠ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠠᠶᠠᠨ ᠳᠠᠭᠠᠨ ᠲᠠᠰᠤᠷᠠᠯᠳᠠ | ᠦᠬᠡᠢ ᠨᠡᠩ ᠶᠡᠭᠡ ᠰᠢᠨ᠎ᠠ ᠠᠮᠵᠢᠯᠳᠠ ᠪᠦᠳᠤᠮᠵᠢ ᠤᠯᠬᠤ ᠶᠢ ᠵᠦᠩᠨᠡᠵᠤ ᠪᠠᠶᠢᠨ᠎ᠠ᠃ | ᠯᠠᠤᠰ ᠳᠤᠮᠳᠠᠳᠤ ᠶᠢᠨ ᠤᠯᠠᠮᠵᠢᠯᠠᠯᠳᠤ ᠨᠦᠬᠦᠷᠯᠠᠯ᠂ ᠤᠷᠳᠤ ᠬᠤᠭᠤᠴᠠᠭᠠᠨ᠎ᠠ ᠲᠤᠭᠳᠠᠭᠤᠨ ᠪᠠᠶᠢᠬᠤ ᠯᠠᠤᠰ | ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ | ᠪᠤᠯᠤᠨ ᠯᠠᠤᠰ ᠳᠤᠮᠳᠠᠳᠤ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠲᠠᠰᠤᠷᠠᠯᠳᠠ ᠦᠬᠡᠢ | ᠪᠠᠬᠢᠵᠢᠨ ᠬᠦᠭᠵᠢᠵᠤ᠂ ᠦᠷᠡᠯᠠᠨ ᠵᠢᠮᠢᠰᠯᠡᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠳᠠᠳᠤ | ᠦᠷ᠎ᠠ ᠠᠰᠢᠭ ᠬᠦᠷᠳᠡᠭᠡᠬᠦ ᠶᠢ ᠵᠦᠩᠨᠡᠵᠤ ᠪᠠᠶᠢᠨ᠎ᠠ᠃ |