ᠤᠶᠢᠷ᠎ᠠ ᠶᠢᠨ ᠡᠳᠤᠷ᠂ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠣᠯ ᠭᠠᠴᠠᠭᠠᠨ ᠳᠤ ︽ᠮᠠᠯ ᠲᠠᠷᠢᠶᠠᠯᠠᠩ ᠤᠨ ᠠᠵᠦ ᠦᠢᠯᠡᠰ + ᠰᠤᠶᠤᠯ ᠵᠢᠭᠤᠯᠴᠢᠯᠠᠯ | ︾ ᠤᠨ ᠦᠵᠡᠬᠦᠯᠦᠯᠭᠡ ᠶᠢᠨ ᠰᠠᠷ᠎ᠠ ᠶᠢᠨ ᠰᠢᠷᠢᠰ ᠠᠵᠢᠯᠯᠠᠭᠠᠨ ᠢ ᠶᠠᠪᠤᠭᠳᠠᠭᠤᠯᠤᠯ᠎ᠠ᠃ | ᠤᠯᠠᠭᠠᠨᠳᠤᠯᠤᠭᠠᠢ ᠪᠠᠯᠭᠠᠰᠣᠨ ᠤ ᠵᠠᠰᠠᠭ ᠤᠨ ᠣᠷᠳᠣᠨ ᠠᠴᠠ ᠭᠤᠣᠯᠴᠢᠯᠠᠨ ᠡᠷᠬᠢᠯᠡᠭᠰᠡᠨ ︽ᠮᠠᠯ ᠲᠠᠷᠢᠶᠠᠯᠠᠩ ᠤᠨ ᠠᠵᠦ ᠦᠢᠯᠡᠰ + ᠰᠤᠶᠤᠯ | ᠵᠢᠭᠤᠯᠴᠢᠯᠠᠯ︾ ᠭᠤᠣᠯ ᠰᠡᠳᠣᠪᠳᠣ ᠠᠵᠢᠯᠯᠠᠭ᠎ᠠ ᠨᠢ ︽ᠬᠤᠸᠠᠩ ᠰᠢᠶᠠᠩ︾ ᠳᠡᠮᠲᠡᠭᠲᠥ ᠭᠠᠭ᠋ᠠᠢ ᠶᠢᠨ ᠮᠢᠬᠠᠨ ᠤ ᠠᠵᠣ ᠣᠶᠢᠯᠡᠰ ᠤᠨ ᠬᠦᠭᠵᠢᠭᠦᠯᠣᠯᠲᠡ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠣᠷᠠᠯᠴᠠᠭᠠᠨ ᠤ ᠡᠬᠢᠯᠯᠡᠲᠡ ᠶᠢᠨ ᠬᠤᠷᠠᠯ᠂ ︽ᠲᠠᠪᠴᠠᠩ︾ ᠠᠯᠠᠭᠠᠨ ᠲᠡᠭᠡᠷᠡᠭᠢ ᠮᠠᠯᠵᠢᠯ ᠤᠨ ᠲᠠᠯᠠᠪᠠᠢ ᠶᠢᠨ ᠮᠠᠯ ᠲᠠᠷᠢᠶᠠᠯᠠᠩ | ᠤᠨ ᠤᠶᠢᠯᠡᠰ ᠤᠨ ᠬᠤᠷᠠᠯ ᠵᠢᠴᠢ ᠤᠯᠠᠭᠠᠨᠳᠤᠯᠤᠭᠠᠢ ᠪᠠᠯᠭᠠᠰᠣᠨ ᠤ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢᠶᠠᠷ | ᠳᠠᠮᠵᠢᠭᠤᠯᠤᠨ ᠤᠯᠠᠭᠠᠨᠳᠤᠯᠤᠭᠠᠢ ᠪᠠᠯᠭᠠᠰᠣᠨ ᠤ ᠪᠦᠬᠦ ᠤᠷᠤᠨ ᠪᠦᠰᠡ ᠶᠢᠨ ᠵᠢᠭᠤᠯᠴᠢᠯᠠᠯ᠂ ︽ᠬᠤᠸᠠᠩ ᠰᠢᠶᠠᠩ︾ ᠳᠡᠮᠲᠡᠭᠲᠥ ᠭᠠᠭ᠋ᠠᠢ ᠶᠢᠨ ᠠᠵᠣ | ᠣᠶᠢᠯᠡᠰ ᠤᠨ ᠬᠦᠭᠵᠢᠯᠲᠡ᠂ ᠬᠠᠮᠲᠤᠷᠠᠯᠴᠠᠭ᠎ᠠ᠂ ᠤᠨᠴᠠᠯᠢᠭᠲᠤ ᠪᠠᠯᠭᠠᠰᠤ ᠲᠤᠰᠬᠤᠨ ᠤ ᠤᠬᠠᠭᠤᠯᠭ᠎ᠠ ᠵᠡᠷᠭᠡ ᠲᠠᠯ᠎ᠠ ᠪᠠᠷ ᠬᠦᠢᠴᠡᠳ ᠲᠠᠨᠢᠯᠴᠠᠭᠤᠯᠤᠨ | ᠤᠬᠠᠭᠤᠯᠵᠦ ᠤᠯᠠᠭᠠᠨᠳᠤᠯᠤᠭᠠᠢ ᠪᠠᠯᠭᠠᠰᠣᠨ ᠤ ᠬᠦᠨ ᠬᠦᠨᠵᠡᠭᠡᠢ ᠰᠣᠶᠣᠯ ᠲᠡᠤᠬᠡ ᠶᠢᠨ ᠠᠭᠤᠯᠤᠭᠳᠠᠬᠤᠨ᠂ ᠪᠠᠳᠠᠷᠠᠨ ᠬᠦᠭᠵᠢᠵᠦ ᠪᠠᠶᠢᠬᠤ ᠰᠢᠨᠵᠢ ᠳᠡᠮᠳᠡᠭ ᠢ | ᠬᠦᠢᠴᠡᠳ ᠢᠯᠡᠷᠡᠬᠦᠯᠦᠭᠰᠡᠨ ᠪᠠᠶᠢᠨ᠎ᠠ᠃ | | | | | | | ᠣᠶᠢᠷ᠎ᠠ ᠶᠢᠨ ᠵᠢᠯ ᠠᠴᠠ ᠨᠠᠰᠢ ᠤᠯᠠᠭᠠᠨᠳᠤᠯᠤᠭᠠᠢ ᠪᠠᠯᠭᠠᠰᠣ ᠨᠢ ᠠᠵᠣ ᠣᠶᠢᠯᠡᠰ ᠢ ᠭᠦᠭᠵᠢᠭᠦᠯᠥᠨ ᠮᠠᠨᠳᠣᠭᠤᠯᠬᠤ ᠢ ᠲᠠᠷᠢᠭᠦᠨ ᠪᠠᠶᠢᠷᠢᠨ ᠳᠤ ᠳᠠᠯᠪᠢᠵᠣ ︽ | ᠬᠤᠸᠠᠩ ᠰᠢᠶᠠᠩ︾ ᠲᠡᠮᠳᠡᠭᠲᠥ ᠭᠠᠭ᠋ᠠᠢ ᠶᠢᠨ ᠮᠢᠬᠠᠨ ᠤ ᠠᠵᠣ ᠣᠶᠢᠯᠡᠰ ᠤᠨ ᠬᠤᠯᠪᠣᠭᠠᠯᠠᠭᠰᠠᠨ ᠴᠣᠭᠴᠠ᠂ ᠲᠠᠯ᠎ᠠ ᠨᠣᠳᠤᠭ ᠤᠨ ᠣᠯᠠᠭᠠᠨ ᠦᠬᠡᠷ ᠤᠨ ᠠᠵᠣ | ᠣᠶᠢᠯᠡᠰ ᠤᠨ ᠬᠤᠯᠪᠣᠭᠠᠯᠠᠭᠰᠠᠨ ᠴᠣᠭᠴᠠ᠂ ᠣᠷᠳᠣᠰ ᠨᠠᠷᠢᠨ ᠨᠣᠣᠰᠣᠳᠣ ᠬᠤᠨᠢᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ᠂ ᠦᠣᠰᠢᠨ ᠠᠳᠣᠭᠤᠨ ᠤ | ᠡᠭᠦᠯᠳᠡᠷ ᠢ ᠬᠠᠮᠠᠭᠠᠯᠠᠨ ᠮᠠᠯᠵᠢᠬᠤ ᠰᠠᠭᠤᠷᠢᠨ ᠭᠠᠵᠠᠷ᠂ ᠪᠠᠶᠠᠡᠭᠤᠣᠯ ᠭᠠᠴᠠᠭᠠᠨ ᠤ ᠪᠤᠯᠠᠭ ᠤᠨ ᠤᠰᠣᠨ ᠤ ᠣᠶᠢᠯᠡᠳᠪᠣᠷᠢ ᠵᠡᠷᠭᠡ ᠠᠵᠣ ᠣᠶᠢᠯᠡᠰ ᠢ | ᠭᠦᠭᠵᠢᠭᠦᠯᠥᠨ ᠤᠷᠢᠳ ᠬᠤᠵᠢᠳ ᠪᠦᠬᠦ ᠣᠯᠣᠰ ᠤᠨ ︽ᠨᠢᠭᠡ ᠭᠠᠴᠠᠭ᠎ᠠ ᠳᠣᠰᠬᠤᠨ ᠨᠢᠭᠡ ᠨᠡᠷ᠎ᠡ ᠲᠡᠮᠳᠡᠭ ᠲᠠᠢ︾ ᠪᠠᠶᠢᠬᠤ ᠵᠢᠱᠢᠶᠡᠴᠢ ᠪᠠᠯᠭᠠᠰᠣ᠂ ᠪᠦᠬᠦ | ᠣᠯᠣᠰ ᠤᠨ ᠬᠦᠳᠡᠭᠡ ᠳᠣᠰᠬᠤᠨ ᠢ ᠬᠦᠭᠵᠢᠭᠦᠯᠥᠨ ᠮᠠᠨᠳᠣᠭᠤᠯᠬᠤ ᠵᠢᠱᠢᠶᠡᠴᠢ ᠪᠠᠯᠭᠠᠰᠣ ᠵᠡᠷᠭᠡ ᠢᠷᠡᠭᠤ ᠠᠯᠳᠠᠷ ᠢ ᠬᠦᠷᠳᠡᠭᠰᠡᠨ ᠪᠠᠶᠢᠨ᠎ᠠ᠃ | | | | | | | |