ᠰᠢ ᠶᠢᠨ ᠫᠢᠩ ᠳᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-06-18
     ᠰᠢᠨᠬᠤᠸᠠ ᠬᠤᠷᠢᠶᠠᠨ ᠤ ᠪᠡᠬᠡᠵᠢᠩ ᠤᠨ 6 ᠰᠠᠷ᠎ᠠ ᠶᠢᠨ 16 ᠤ ᠴᠠᠬᠢᠯᠭᠠᠨ ᠮᠡᠳᠡᠭᠡ  ᠤᠯᠤᠰ ᠤᠨ ᠳᠡᠷᠢᠬᠦᠯᠡᠭᠴᠢ ᠰᠢ ᠶᠢᠨ ᠫᠢᠩ 6 ᠰᠠᠷ᠎ᠠ ᠶᠢᠨ 16 ᠤ ᠤᠷᠤᠢ ᠳᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠤᠳᠠᠰᠤ ᠪᠠᠷ ᠶᠠᠷᠢᠯᠴᠠᠪᠠ᠃      ᠰᠢ ᠶᠢᠨ ᠫᠢᠩ᠂ ᠵᠤᠪᠠᠭᠤᠷᠢ ᠵᠦᠳᠡᠬᠦᠷᠢ ᠳᠤ ᠳᠤᠯᠭᠠᠷᠠᠬᠰᠠᠨ ᠦᠶᠡᠰ ᠦᠨᠡᠨᠴᠢ ᠰᠡᠳᠬᠢᠯ ᠢᠯᠡᠷᠡᠳᠡᠭ᠃ ᠳᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠦᠴᠢᠷ ᠪᠡᠷᠬᠡᠰᠢᠶᠡᠯᠳᠡᠢ ᠦᠶ᠎ᠡ ᠳᠤ ᠳᠠᠵᠢᠺᠰᠲ᠋ᠠᠨ ᠤ ᠵᠠᠰᠠᠬ ᠤᠨ ᠤᠷᠳᠤᠨ ᠪᠤᠯᠤᠨ ᠨᠡᠶᠢᠬᠡᠮ ᠤᠨ ᠡᠯ᠎ᠡ ᠡᠳᠡᠬᠡᠳ ᠤᠨ ᠬᠢᠨ ᠠᠳᠠᠯᠢ ᠪᠤᠰᠤ ᠬᠡᠯᠪᠡᠷᠢ ᠪᠠᠷ ᠳᠤᠮᠳᠠᠳᠤ ᠤᠯᠤᠰ ᠤᠨ ᠬᠢᠵᠢᠭ ᠲᠠᠢ ᠳᠡᠮᠡᠴᠡᠬᠦ ᠳᠡᠮᠡᠴᠠᠯ ᠢ ᠳᠡᠮᠵᠢᠪᠡ᠃ ᠳᠠᠵᠢᠺᠰᠲ᠋ᠠᠨ ᠳᠤ ᠬᠢᠵᠢᠭ ᠤᠨ ᠪᠠᠶᠢᠳᠠᠯ ᠭᠠᠷᠤᠬᠰᠠᠨ ᠤ ᠳᠠᠷᠠᠭ᠎ᠠ᠂ ᠳᠤᠮᠳᠠᠳᠤ ᠤᠯᠤᠰ ᠳᠠᠵᠢᠺᠰᠲ᠋ᠠᠨ ᠳᠤ ᠴᠢᠳᠠᠯ ᠤᠨ ᠢᠶᠠᠨ ᠬᠢᠷᠢ ᠪᠠᠷ ᠳᠤᠰᠠᠯᠠᠮᠵᠢ ᠦᠵᠡᠬᠦᠯᠵᠥ᠂ ᠬᠤᠶᠠᠷ ᠤᠯᠤᠰ ᠤᠨ ᠡᠮᠴᠢᠯᠡᠬᠡᠨ ᠤ ᠳᠤᠰᠬᠠᠢ ᠮᠡᠷᠬᠡᠵᠢᠯᠳᠡᠨ ᠸᠢᠳᠢᠣ᠋ ᠬᠡᠯᠪᠡᠷᠢ ᠪᠠᠷ ᠬᠢᠵᠢᠭ ᠲᠠᠢ ᠳᠡᠮᠡᠴᠡᠭᠰᠡᠨ ᠳᠤᠷᠰᠢᠯᠭ᠎ᠠ ᠪᠠᠨ ᠰᠤᠯᠢᠯᠴᠠᠨ᠂ ᠳᠤᠮᠳᠠᠳᠤ ᠤᠯᠤᠰ ᠤᠨ ᠡᠮᠴᠢᠯᠡᠬᠡᠨ ᠤ ᠳᠤᠰᠬᠠᠢ ᠮᠡᠷᠬᠡᠵᠢᠯᠳᠡᠨ ᠤ ᠬᠠᠮᠳᠤᠷᠠᠬᠰᠠᠨ ᠠᠵᠢᠯᠯᠠᠬᠤ ᠳᠤᠭᠤᠢᠢᠯᠠᠩ ᠤᠨ ᠬᠢᠨ ᠳᠠᠵᠢᠺᠰᠲ᠋ᠠᠨ ᠤ ᠤᠯᠠᠨ ᠭᠠᠵᠠᠷ ᠲᠤ ᠬᠦᠷᠴᠤ ᠢᠳᠡᠪᠬᠢᠳᠡᠢ ᠠᠵᠢᠯᠯᠠᠵᠤ᠂ ᠳᠤᠮᠳᠠᠳᠤ ᠳᠠᠵᠢᠺᠰᠲ᠋ᠠᠨ ᠤ ᠬᠦᠭᠵᠢᠯᠳᠡ ᠶᠢᠨ ᠬᠠᠮᠳᠤ ᠶᠢᠨ ᠴᠤᠬᠴᠠ ᠪᠤᠯᠤᠨ ᠠᠮᠤᠷ ᠳᠦᠪᠰᠢᠨ ᠤ ᠬᠠᠮᠳᠤ ᠶᠢᠨ ᠴᠤᠬᠴᠠ ᠶᠢᠨ ᠪᠠᠶᠢᠪᠠᠰᠤ ᠵᠤᠬᠢᠬᠤ ᠵᠢᠷᠤᠮ ᠢ ᠬᠠᠷᠠᠭᠤᠯᠵᠠᠢ᠃ ᠳᠤᠮᠳᠠᠳᠤ ᠤᠯᠤᠰ ᠳᠤᠷᠠᠳᠠᠶ᠎ᠠ ᠠᠬ᠎ᠠ ᠳᠡᠬᠦᠦ ᠮᠡᠳᠤ ᠬᠠᠷᠢᠴᠠᠭ᠎ᠠ ᠲᠠᠢ ᠳᠠᠵᠢᠺᠰᠲ᠋ᠠᠨ ᠳᠤ ᠦᠷᠬᠦᠯᠵᠢᠯᠡᠨ ᠬᠠᠪᠰᠤᠷᠤᠯᠭ᠎ᠠ ᠳᠡᠮᠵᠢᠯᠬᠡ ᠦᠵᠡᠬᠦᠯᠤᠨ᠎ᠡ᠃ ᠳᠠᠨ ᠤ ᠤᠳᠤᠷᠢᠳᠤᠯᠭ᠎ᠠ ᠳᠤᠤᠷ᠎ᠠ ᠳᠠᠵᠢᠺᠰᠲ᠋ᠠᠨ ᠯᠠᠪᠳᠠᠢ ᠬᠢᠵᠢᠭ ᠤᠨ ᠪᠠᠶᠢᠳᠠᠯ ᠢ ᠡᠷᠳᠡᠬᠡᠨ ᠳᠠᠶᠢᠯᠠᠨ ᠢᠯᠠᠵᠥ ᠴᠢᠳᠠᠨ᠎ᠠ ᠭᠡᠳᠡᠭ ᠢ ᠢᠳᠡᠬᠡᠵᠥ ᠪᠠᠶᠢᠨ᠎ᠠ᠃ ᠳᠤᠮᠳᠠᠳᠤ ᠤᠯᠤᠰ ᠳᠤᠷᠠᠳᠠᠶ᠎ᠠ ᠳᠠᠵᠢᠺᠰᠲ᠋ᠠᠨ ᠢ ᠪᠠᠭᠳᠠᠭᠠᠬᠰᠠᠨ ᠳᠡᠯᠡᠬᠡᠢ ᠨᠡᠶᠢᠬᠡᠮ ᠤᠨ ᠬᠢᠨ ᠲᠠᠢ ᠬᠠᠮᠳᠤ ᠪᠠᠷ ᠳᠡᠯᠡᠬᠡᠢ ᠨᠡᠶᠢᠳᠡ ᠶᠢᠨ ᠬᠢᠵᠢᠭ ᠲᠠᠢ ᠳᠡᠮᠡᠴᠡᠬᠦ ᠬᠠᠮᠳᠤᠷᠠᠯᠴᠠᠭ᠎ᠠ ᠶᠢ ᠢᠳᠡᠪᠬᠢᠳᠡᠢ ᠦᠷᠨᠢᠬᠦᠯᠵᠥ᠂ ᠡᠨᠡ ᠬᠦ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠮᠠᠭᠠᠯᠠᠯᠳᠠ ᠶᠢᠨ ᠳᠠᠶᠢᠯᠠᠯᠳᠤᠭᠠᠨ ᠤ ᠢᠯᠠᠯᠳᠠ ᠶᠢ ᠬᠠᠮᠳᠤ ᠪᠠᠷ ᠤᠯᠤᠨ᠎ᠠ ᠬᠡᠵᠥ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠨᠢᠭᠡᠨᠳᠡ ᠰᠢᠨ᠎ᠠ ᠲᠡᠤᠬᠡᠨ ᠭᠠᠷᠤᠭ᠎ᠠ ᠳᠤ ᠵᠤᠭᠰᠤᠪᠠ᠃ ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠠᠯᠵᠢᠶᠠᠨ ᠤ ᠶᠠᠪᠤᠯᠴᠠᠭ᠎ᠠ ᠶᠢ ᠨᠢᠭᠡᠳᠦᠯᠳᠠᠢ ᠲᠦᠯᠦᠪᠵᠢᠭᠦᠯᠵᠤ᠂ ᠰᠡᠳᠭᠢᠴᠡ ᠪᠠᠨ ᠦᠷᠭᠡᠳᠭᠡᠨ᠂ ︽ᠨᠢᠭᠡ ᠪᠦᠰᠡ ᠨᠢᠭᠡ ᠵᠠᠮ︾ ᠤᠨ ᠭᠤᠤᠯᠳᠠᠯᠭ᠎ᠠ ᠲᠠᠢ ᠲᠦᠷᠦᠯ ᠵᠦᠯ ᠢ ᠬᠠᠮᠳᠦ ᠪᠠᠷ ᠪᠦᠲᠦᠭᠡᠨ ᠪᠠᠶᠢᠭᠤᠯᠬᠤ ᠶᠠᠪᠤᠳᠠᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠪᠠᠯ ᠵᠤᠬᠢᠨ᠎ᠠ᠃ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭᠠᠬᠢ ᠴᠠᠬ ᠬᠤᠭᠤᠴᠠᠭ᠎ᠠ ᠪᠠᠷ ᠭᠤᠤᠯᠳᠠᠭᠤᠯᠤᠨ ᠠᠵᠤ ᠠᠬᠤᠢ ᠠᠷᠠᠯᠵᠢᠶ᠎ᠠ᠂ ᠪᠡᠯᠡ ᠤᠷᠤᠭᠤᠯᠤᠯᠳᠠ᠂ ᠡᠨᠧᠷᠭᠢ᠂ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠳᠡᠷᠡᠯᠴᠡᠬᠦ᠂ ᠬᠦᠳᠡᠭᠡ ᠠᠵᠤ ᠠᠬᠤᠢ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠠᠮᠳᠤᠷᠠᠯᠴᠠᠭ᠎ᠠ ᠶᠢ ᠡᠷᠳᠡᠬᠡᠨ ᠲᠦᠯᠦᠪᠵᠢᠭᠦᠯᠵᠤ᠂ ᠬᠤᠶᠠᠷ ᠤᠯᠤᠰ ᠤᠨ ᠬᠠᠷᠢᠯᠴᠠᠭᠠᠨ ᠳᠤ ᠰᠢᠨ᠎ᠠ ᠬᠦᠭᠵᠢᠯᠳᠡ ᠤᠯᠬᠤ ᠶᠢ ᠠᠬᠢᠭᠤᠯᠤᠶ᠎ᠠ ᠭᠡᠵᠤ ᠴᠢᠬᠤᠯᠠᠴᠢᠯᠠᠪᠠ᠃      ᠯᠠᠾᠧᠮᠧᠩ᠂ ᠲᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠠᠵᠢᠯ ᠳᠤ ᠮᠡᠳᠡᠭᠳᠡᠮ᠎ᠠ ᠦᠷ᠎ᠠ ᠪᠦᠲᠦᠮᠵᠢ ᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠳᠤ ᠲᠠᠰᠤᠷᠠᠯᠳᠠ ᠦᠭᠡᠢ ᠠᠮᠵᠢᠯᠳᠠ ᠤᠯᠵᠤ᠂ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠭᠠᠷᠮᠠᠭᠠᠢ ᠵᠠᠰᠠᠯᠳᠠ ᠶᠢᠨ ᠴᠢᠳᠠᠪᠤᠷᠢ ᠶᠢ ᠬᠠᠷᠠᠭᠤᠯᠪᠠ᠃ ᠳᠤᠮᠳᠠᠳᠤ ᠶᠢᠨ ᠲᠠᠯ᠎ᠠ ᠠᠴᠠ ᠲᠠᠵᠢᠺᠰᠲ᠋ᠠᠨ ᠳᠤ ᠬᠢᠵᠢᠭ ᠲᠠᠢ ᠲᠡᠮᠡᠴᠡᠬᠦ ᠪᠠ ᠠᠵᠤ ᠠᠬᠤᠢ ᠪᠠᠨ ᠰᠡᠷᠭᠦᠭᠡᠬᠦ ᠳᠤ ᠶᠡᠬᠡᠬᠡᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠷᠠᠳᠠᠶ᠎ᠠ ᠳᠤᠮᠳᠠᠳᠤ ᠤᠯᠤᠰ ᠯᠤᠭ᠎ᠠ ᠨᠦᠬᠦᠷᠯᠡᠯ ᠪᠠ ᠢᠳᠡᠭᠡᠯᠴᠡᠭᠡ ᠪᠠᠨ ᠬᠦᠨᠵᠡᠬᠡᠶᠢᠷᠡᠬᠦᠯᠦᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠠᠨ ᠭᠦᠨᠵᠡᠭᠡᠶᠢᠷᠡᠭᠦᠯᠵᠤ᠂ ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠶᠢ ᠲᠠᠵᠢᠺᠰᠲ᠋ᠠᠨ ᠤ ︽2030 ᠤᠨ ᠠᠴᠠ ᠡᠮᠦᠨᠡᠬᠢ ᠤᠯᠤᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ︾ ᠲᠠᠢ ᠵᠤᠯᠭᠠᠭᠤᠯᠬᠤ ᠶᠢ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠡᠮᠴᠢᠯᠡᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠤ ᠬᠠᠮᠳᠤᠷᠠᠯᠴᠠᠭ᠎ᠠ ᠶᠢ ᠦᠷᠭᠡᠳᠭᠡᠨ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ᠂ ᠠᠽᠢᠶ᠎ᠠ ᠲᠢᠪ ᠤᠨ ᠬᠠᠮᠵᠢᠯᠴᠠᠭ᠎ᠠ ᠪᠠ ᠢᠳᠡᠭᠡᠯᠴᠡᠭᠡ ᠶᠢᠨ ᠠᠷᠭ᠎ᠠ ᠬᠡᠮᠵᠢᠶ᠎ᠠ ᠶᠢᠨ ᠬᠤᠷᠠᠯ ᠵᠡᠷᠭᠡ ᠭᠠᠵᠠᠷ ᠤᠷᠤᠨ ᠤ ᠵᠤᠬᠢᠶᠠᠨ ᠪᠠᠶᠢᠭᠤᠯᠤᠯᠳᠠ ᠳᠠᠬᠢ ᠬᠠᠮᠵᠢᠯᠴᠠᠭ᠎ᠠ ᠪᠠᠨ ᠨᠢᠭᠳᠠᠷᠠᠭᠤᠯᠵᠤ ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠴᠢᠨᠠᠭᠰᠢᠳᠠ ᠬᠦᠭᠵᠢᠬᠦ ᠶᠢ ᠠᠬᠢᠭᠤᠯᠤᠨ᠎ᠠ᠃ ᠲᠠᠵᠢᠺᠰᠲ᠋ᠠᠨ ᠤ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠳᠠᠯᠠᠵᠤ᠂ ᠳᠤᠮᠳᠠᠳᠤ ᠤᠯᠤᠰ ᠤᠨ ᠲᠤᠰ ᠪᠡᠶ᠎ᠠ ᠶᠢᠨ ᠡᠷᠬᠡ ᠮᠡᠳᠡᠯ ᠪᠤᠯᠤᠨ ᠠᠮᠤᠷ ᠲᠦᠪᠰᠢᠨ ᠢᠶᠠᠨ ᠬᠠᠮᠠᠭᠠᠯᠠᠬᠤ ᠶᠢᠨ ᠲᠦᠯᠦᠭᠡ ᠠᠪᠴᠦ ᠪᠠᠶᠢᠭ᠎ᠠ ᠵᠦᠢ ᠶᠤᠰᠤᠨ ᠤ ᠠᠷᠭ᠎ᠠ ᠬᠡᠮᠵᠢᠶ᠎ᠠ ᠶᠢ ᠡᠷᠡᠰ ᠳᠡᠮᠵᠢᠨ᠎ᠠ᠃ ᠲᠠᠵᠢᠺᠰᠲ᠋ᠠᠨ ᠤ ᠲᠠᠯ᠎ᠠ ᠶᠢᠨ ᠬᠢᠨ ᠳᠤᠷᠠᠳᠠᠶ᠎ᠠ ᠳᠤᠮᠳᠠᠳᠤ ᠤᠯᠤᠰ ᠲᠠᠢ ᠬᠠᠮᠳᠦ ᠪᠠᠷ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠭᠠᠷ ᠬᠤᠯᠪᠤᠨ ᠠᠬᠢᠭᠤᠯᠤᠨ᠎ᠠ ᠭᠡᠵᠤ ᠢᠯᠡᠳᠭᠡᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号