ᠰᠢᠨᠬᠤᠸᠠ ᠬᠤᠷᠢᠶᠠᠨ ᠤ ᠪᠡᠬᠡᠵᠢᠩ ᠤᠨ 6 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ | ᠳᠡᠷᠢᠬᠦᠯᠡᠭᠴᠢ ᠰᠢ ᠶᠢᠨ ᠫᠢᠩ 6 ᠰᠠᠷ᠎ᠠ ᠶᠢᠨ 16 ᠤ ᠤᠷᠤᠢ ᠡᠺᠦ᠋ᠸᠠᠳᠤᠷ ᠤᠨ ᠶᠡᠷᠦᠩᠬᠡᠶᠢᠯᠡᠭᠴᠢ ᠮᠤᠷᠧᠨᠣ᠋ ᠲᠠᠢ | ᠤᠳᠠᠰᠤ ᠪᠠᠷ ᠶᠠᠷᠢᠯᠴᠠᠪᠠ᠃ | ᠰᠢ ᠶᠢᠨ ᠫᠢᠩ᠂ ᠤᠳᠤᠬᠠᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠺᠦ᠋ᠸᠠᠳᠤᠷ ᠲᠤ | ᠳᠠᠷᠬᠠᠨ ᠳᠡᠯᠬᠡᠷᠡᠵᠦ ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠬ ᠤᠨ ᠤᠷᠳᠤᠨ ᠪᠤᠯᠤᠨ ᠳᠤᠮᠳᠠᠳᠤ ᠤᠯᠤᠰ ᠤᠨ | ᠠᠷᠠᠳ ᠳᠦᠮᠡᠨ ᠤ ᠡᠮᠤᠨ᠎ᠡ ᠠᠴᠠ ᠴᠢᠩ ᠰᠡᠳᠬᠢᠯ ᠠᠴᠠ ᠪᠠᠨ ᠳᠤᠬᠤᠨᠢᠭᠤᠯᠵᠥ ᠪᠠᠶᠢᠬᠤ ᠪᠠᠨ ᠢᠯᠡᠳᠬᠡᠶ᠎ᠡ᠃ | ᠳᠤᠮᠳᠠᠳᠤ ᠤᠯᠤᠰ ᠬᠢᠵᠢᠭ ᠲᠠᠢ ᠳᠡᠮᠡᠴᠡᠬᠦ ᠬᠠᠮᠤᠭ ᠤᠨ ᠬᠦᠴᠢᠷᠳᠡᠯᠳᠡᠢ ᠦᠶ᠎ᠡ ᠳᠤ ᠡᠺᠦ᠋ᠸᠠᠳᠤᠷ ᠤᠨ ᠵᠠᠰᠠᠬ ᠤᠨ | ᠤᠷᠳᠤᠨ ᠴᠠᠬ ᠳᠤᠬᠠᠢ ᠳᠤᠨᠢ ᠳᠤᠮᠳᠠᠳᠤ ᠤᠯᠤᠰ ᠲᠤ ᠬᠢᠵᠢᠭ ᠢ ᠰᠡᠷᠬᠡᠶᠢᠯᠡᠬᠦ ᠡᠳ᠋ ᠪᠤᠳᠠᠰ ᠢᠶᠠᠷ ᠳᠤᠰᠠᠯᠠᠪᠠ᠃ | ᠡᠺᠦ᠋ᠸᠠᠳᠤᠷ ᠲᠤ ᠬᠢᠵᠢᠭ ᠤᠨ ᠪᠠᠶᠢᠳᠠᠯ ᠭᠠᠷᠤᠬᠰᠠᠨ ᠤ ᠳᠠᠷᠠᠭ᠎ᠠ ᠳᠤᠮᠳᠠᠳᠤ ᠤᠯᠤᠰ ᠤᠨ ᠵᠠᠰᠠᠬ ᠤᠨ ᠤᠷᠳᠤᠨ᠂ | ᠤᠷᠤᠨ ᠨᠤᠳᠤᠬ᠂ ᠠᠵᠥ ᠠᠬᠤᠢᠢᠯᠠᠯ᠂ ᠠᠷᠠᠳ ᠤᠨ ᠵᠤᠬᠢᠶᠠᠨ ᠪᠠᠶᠢᠭᠤᠯᠤᠯᠳᠠ ᠵᠡᠷᠬᠡ ᠨᠢ ᠳᠠᠷᠤᠢ ᠳᠦᠷᠬᠡᠨ | ᠳᠤᠰᠠᠯᠠᠮᠵᠢ ᠬᠠᠩᠭᠠᠵᠥ᠂ ᠳᠤᠮᠳᠠᠳᠤ ᠡᠺᠦ᠋ᠸᠠᠳᠤᠷ ᠬᠤᠶᠠᠷ ᠤᠯᠤᠰ ᠤᠨ ᠬᠠᠷᠢᠯᠴᠠᠨ ᠳᠡᠮᠵᠢᠵᠥ ᠬᠠᠷᠢᠯᠴᠠᠨ | ᠬᠠᠪᠰᠤᠷᠤᠯᠴᠠᠬᠤ ᠨᠦᠬᠦᠷᠰᠡᠭ ᠤᠯᠠᠮᠵᠢᠯᠠᠯ ᠢ ᠳᠠᠶᠢᠯᠪᠤᠷᠢᠯᠠᠪᠠ᠃ ᠳᠤᠮᠳᠠᠳᠤ ᠤᠯᠤᠰ ᠡᠺᠦ᠋ᠸᠠᠳᠤᠷ ᠤᠨ ᠬᠢᠵᠢᠭ ᠲᠠᠢ | ᠳᠡᠮᠡᠴᠡᠬᠦ ᠳᠠᠮᠡᠴᠡᠯ ᠢ ᠦᠷᠬᠦᠯᠵᠢᠯᠡᠨ ᠡᠷᠡᠰ ᠳᠡᠮᠵᠢᠵᠤ᠂ ᠴᠢᠳᠠᠯ ᠤᠨ ᠢᠶᠠᠨ ᠬᠢᠷᠢ ᠪᠠᠷ ᠳᠤᠰᠠᠯᠠᠮᠵᠢ ᠦᠵᠡᠬᠦᠯᠵᠥ᠂ | ᠸᠠᠺᠼᠢᠨ ᠪᠠ ᠡᠮ ᠤᠨ ᠵᠦᠢᠯᠡᠰ ᠢ ᠰᠤᠳᠤᠯᠤᠨ ᠬᠦᠭᠵᠢᠬᠦᠯᠬᠦ ᠪᠠ ᠦᠢᠯᠡᠳᠪᠦᠷᠢᠯᠡᠬᠦ ᠵᠡᠷᠬᠡ ᠬᠠᠮᠳᠤᠷᠠᠯᠴᠠᠭ᠎ᠠ | ᠦᠷᠨᠢᠬᠦᠯᠬᠦ ᠶᠢ ᠰᠤᠳᠤᠯᠤᠨ ᠶᠠᠷᠢᠯᠴᠠᠨ᠎ᠠ᠃ ᠳᠠᠨ ᠤ ᠤᠳᠤᠷᠢᠳᠤᠯᠭ᠎ᠠ ᠳᠤᠤᠷ᠎ᠠ ᠡᠺᠦ᠋ᠸᠠᠳᠤᠷ ᠯᠠᠪᠳᠠᠢ ᠬᠢᠵᠢᠭ ᠤᠨ | ᠪᠠᠶᠢᠳᠠᠯ ᠢ ᠡᠷᠳᠡᠬᠡᠨ ᠳᠠᠶᠢᠯᠠᠨ ᠢᠯᠠᠵᠥ᠂ ᠰᠠᠶᠢᠨ ᠰᠠᠶᠢᠬᠠᠨ ᠬᠦᠭᠵᠢᠯᠳᠡ ᠶᠢᠨ ᠵᠠᠮ ᠳᠠᠭᠠᠨ ᠳᠠᠬᠢᠨᠳᠠ ᠪᠤᠴᠠᠬᠤ ᠶᠢ | ᠢᠳᠡᠬᠡᠵᠥ ᠪᠠᠶᠢᠨ᠎ᠠ᠃ ᠡᠺᠦ᠋ᠸᠠᠳᠤᠷ ᠤᠨ ᠬᠢᠨ ᠦᠷᠬᠦᠯᠵᠢᠯᠡᠨ ᠡᠺᠦ᠋ᠸᠠᠳᠤᠷ ᠲᠤ ᠪᠠᠶᠢᠭ᠎ᠠ ᠳᠤᠮᠳᠠᠳᠤ ᠶᠢᠨ ᠪᠡᠯᠡᠳᠤ | ᠠᠵᠥ ᠠᠬᠤᠢᠢᠯᠠᠯ ᠪᠤᠯᠤᠨ ᠳᠤᠮᠳᠠᠳᠤ ᠤᠯᠤᠰ ᠤᠨ ᠠᠷᠠᠳ ᠢᠷᠬᠡᠨ ᠤ ᠠᠵᠢᠯ ᠠᠮᠢᠳᠤᠷᠠᠯ ᠳᠤ ᠪᠠᠳᠤᠯᠠᠭ᠎ᠠ | ᠬᠠᠩᠭᠠᠬᠤ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠦᠷᠬᠦᠯᠵᠢᠯᠡᠨ ᠬᠡᠴᠡᠬᠦᠳᠡᠵᠥ ᠪᠠᠶᠢᠨ᠎ᠠ᠂ ᠡᠯ᠎ᠡ | ᠤᠯᠤᠰ ᠪᠦᠯᠬᠦᠮᠳᠡᠨ ᠬᠠᠮᠳᠤᠷᠠᠯᠴᠠᠪᠠᠯ ᠰᠠᠶ᠋ᠢ ᠡᠴᠤᠰ ᠤᠨ ᠢᠯᠠᠯᠳᠠ ᠶᠢ ᠤᠯᠵᠥ ᠴᠢᠳᠠᠨ᠎ᠠ᠃ ᠳᠤᠮᠳᠠᠳᠤ ᠤᠯᠤᠰ | ᠳᠤᠷᠠᠳᠠᠶ᠎ᠠ ᠡᠯ᠎ᠡ ᠤᠯᠤᠰ ᠯᠤᠭ᠎ᠠ ᠦᠷᠬᠦᠯᠵᠢᠯᠡᠨ ᠬᠢᠵᠢᠭ ᠲᠠᠢ ᠳᠡᠮᠡᠴᠡᠬᠦ ᠬᠠᠮᠳᠤᠷᠠᠯᠴᠠᠭ᠎ᠠ ᠦᠷᠨᠢᠬᠦᠯᠵᠥ᠂ ᠬᠦᠮᠦᠨ | ᠳᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠬᠠᠮᠳᠤ ᠶᠢᠨ ᠴᠤᠬᠴᠠ ᠶᠢ ᠪᠠᠶᠢᠭᠤᠯᠬᠤ ᠶᠢ ᠬᠠᠮᠳᠤ ᠪᠠᠷ | ᠠᠬᠢᠭᠤᠯᠤᠨ᠎ᠠ᠃ ᠳᠤᠮᠳᠠᠳᠤ ᠤᠯᠤᠰ ᠡᠯ᠎ᠠ ᠤᠯᠤᠰ ᠤᠨ ᠬᠢᠨ ᠤ ᠬᠤᠷᠸ᠎ᠠ ᠲᠦᠷᠦ ᠶᠢᠨ ᠪᠤᠳᠤᠯᠭ᠎ᠠ ᠶᠢᠨ | ᠵᠤᠬᠢᠴᠠᠭᠤᠯᠭ᠎ᠠ ᠬᠢᠬᠦ ᠶᠢ ᠡᠷᠡᠰ ᠳᠡᠮᠵᠢᠵᠤ᠂ ᠳᠡᠯᠡᠬᠡᠢ ᠶᠢᠨ ᠠᠵᠤ ᠠᠬᠤᠢ ᠶᠢᠨ ᠲᠤᠭᠳᠠᠭᠤᠨ ᠪᠠᠶᠢᠳᠠᠯ ᠢ ᠠᠬᠢᠭᠤᠯᠵᠤ᠂ | ᠪᠦᠬᠦ ᠪᠦᠮᠪᠦᠷᠴᠡᠭ ᠤᠨ ᠵᠠᠰᠠᠯᠳᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ ᠭᠡᠵᠤ ᠵᠢᠭᠠᠵᠥ ᠭᠠᠷᠭᠠᠪᠠ᠃ | ᠰᠢ ᠶᠢᠨ ᠫᠢᠩ᠂ 2018 ᠤᠨ ᠳᠤ ᠲᠠ ᠳᠤᠮᠳᠠᠳᠤ ᠤᠯᠤᠰ ᠲᠤ ᠠᠮᠵᠢᠯᠳᠠ ᠲᠠᠢ ᠪᠠᠷ ᠲᠦᠷᠦ ᠶᠢᠨ | ᠶᠠᠪᠤᠳᠠᠯ ᠤᠨ ᠠᠶᠢᠯᠴᠢᠯᠠᠯᠳᠠ ᠬᠢᠵᠤ᠂ ᠪᠢᠳᠡ ᠮᠠᠰᠢ ᠤᠯᠠᠨ ᠴᠢᠬᠤᠯᠠ ᠬᠠᠮᠳᠤ ᠶᠢᠨ ᠲᠠᠨᠢᠯᠳᠠ ᠲᠠᠢ ᠪᠤᠯᠵᠠᠢ᠃ | ᠬᠤᠶᠠᠷ ᠲᠠᠯ᠎ᠠ ᠶᠢᠨ ᠬᠠᠮᠳᠦ ᠶᠢᠨ ᠴᠢᠷᠮᠠᠶᠢᠯᠭ᠎ᠠ ᠪᠠᠷ ᠲᠠᠮᠵᠢᠨ ᠬᠤᠶᠠᠷ ᠤᠯᠤᠰ ᠤᠨ ᠡᠯ᠎ᠠ ᠬᠦᠷᠢᠶᠡᠨ ᠤ ᠪᠤᠳᠠᠳᠠᠢ ᠶᠢ | ᠡᠷᠬᠢᠮᠯᠡᠭᠰᠡᠨ ᠬᠠᠮᠳᠤᠷᠠᠯᠴᠠᠭ᠎ᠠ ᠪᠠᠶᠠᠯᠢᠬ ᠦᠷ᠎ᠠ ᠪᠦᠲᠦᠭᠡᠯ ᠤᠯᠪᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ | ᠡᠺᠦ᠋ᠸᠠᠳᠦᠷ ᠤᠨ ᠬᠠᠷᠢᠯᠴᠠᠭ᠎ᠠ ᠶᠢ ᠬᠦᠭᠵᠢᠭᠦᠯᠬᠦ ᠶᠢ ᠴᠢᠬᠤᠯᠠᠴᠢᠯᠠᠨ᠂ ᠳᠤᠷᠠᠳᠠᠶ᠎ᠠ ᠡᠺᠦ᠋ᠸᠠᠳᠦᠷ ᠯᠤᠭ᠎ᠠ ᠢᠳᠡᠪᠬᠢᠳᠠᠢ | ᠤᠯᠤᠯᠴᠠᠵᠤ᠂ ᠬᠢᠵᠢᠭ ᠤᠨ ᠪᠠᠶᠢᠳᠠᠯ ᠠᠴᠠ ᠪᠤᠯᠤᠬᠰᠠᠨ ᠬᠦᠴᠢᠷᠳᠡᠯ ᠢ ᠢᠯᠠᠨ ᠳᠠᠪᠠᠵᠤ᠂ ᠪᠤᠳᠠᠳᠠᠢ ᠶᠢ ᠡᠷᠬᠢᠮᠯᠡᠬᠦ | ᠬᠠᠮᠳᠤᠷᠠᠯᠴᠠᠭ᠎ᠠ ᠶᠢ ᠳᠠᠬᠢᠨ ᠡᠬᠢᠯᠡᠭᠦᠯᠬᠦ ᠪᠦᠭᠡᠳ ᠠᠬᠢᠭᠤᠯᠵᠤ᠂ ᠬᠢᠵᠢᠭ ᠤᠨ ᠪᠠᠶᠢᠳᠠᠯ ᠤᠨ ᠳᠠᠷᠠᠭᠠᠬᠢ ᠳᠤᠮᠳᠠᠳᠤ | ᠡᠺᠦ᠋ᠸᠠᠳᠦᠷ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠰᠢᠨ᠎ᠠ ᠲᠡᠭᠳᠡᠷ ᠲᠤ | ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠢᠶᠠᠷ ᠪᠤᠶᠠᠨ ᠦᠢᠯᠡᠳᠦᠨ᠎ᠠ ᠭᠡᠵᠤ | ᠴᠢᠬᠤᠯᠠᠴᠢᠯᠠᠪᠠ᠃ | ᠮᠤᠷᠧᠨᠣ᠋᠂ ᠳᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠲᠦᠮᠡᠨ | ᠡᠺᠦ᠋ᠸᠠᠳᠦᠷ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ | ᠲᠤᠰᠠᠯᠠᠮᠵᠢ ᠪᠠ ᠳᠡᠮᠵᠢᠯᠭᠡ ᠦᠵᠡᠭᠦᠯᠵᠦ᠂ ᠡᠺᠦ᠋ᠸᠠᠳᠦᠷ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠴᠢᠬᠤᠯᠠ | ᠦᠢᠯᠡᠳᠦᠯ ᠦᠵᠡᠭᠦᠯᠪᠡ᠃ ᠳᠤᠮᠳᠠᠳᠤ ᠤᠯᠤᠰ ᠪᠤᠯ ᠡᠺᠦ᠋ᠸᠠᠳᠦᠷ ᠤᠨ ᠴᠢᠬᠤᠯᠠ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠳᠠᠨ ᠮᠦᠨ᠂ ᠡᠺᠦ᠋ᠸᠠᠳᠦᠷ ᠳᠤᠮᠳᠠᠳᠤ ᠶᠢᠨ ᠬᠠᠮᠳᠤᠷᠠᠯᠴᠠᠭ᠎ᠠ ᠨᠢ ᠨᠦᠬᠦᠷᠰᠡᠭ ᠪᠦᠭᠡᠳ | ᠬᠠᠷᠢᠯᠴᠠᠨ ᠠᠰᠢᠭᠳᠠᠢ ᠶᠤᠮ᠃ ᠡᠺᠦ᠋ᠸᠠᠳᠦᠷ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ | ᠠᠮᠵᠢᠯᠳᠠ ᠲᠠᠢ ᠲᠤᠷᠰᠢᠯᠭ᠎ᠠ ᠶᠢ ᠲᠤᠯᠢᠯᠠᠨ᠂ ᠬᠠᠮᠳᠤᠷᠠᠯᠴᠠᠭ᠎ᠠ ᠪᠠᠨ ᠴᠢᠩᠭᠠᠳᠬᠠᠨ᠎ᠠ᠂ ᠡᠺᠦ᠋ᠸᠠᠳᠦᠷ ᠢ ᠬᠠᠪᠰᠤᠷᠤᠨ | ᠬᠦᠴᠢᠷᠳᠡᠯ ᠢ ᠢᠯᠠᠨ ᠳᠠᠪᠠᠭᠤᠯᠵᠦ᠂ ᠬᠢᠵᠢᠭ ᠢ ᠳᠠᠶᠢᠯᠠᠨ ᠢᠯᠠᠵᠤ᠂ ᠠᠵᠤ ᠠᠬᠤᠢ ᠶᠢᠨ ᠬᠦᠭᠵᠢᠯᠳᠡ ᠶᠢ | ᠰᠡᠷᠭᠦᠭᠡᠬᠦ ᠶᠢ ᠬᠦᠰᠡᠵᠤ ᠪᠠᠶᠢᠨ᠎ᠠ᠃ ᠪᠢ ᠳᠤᠷᠠᠳᠠᠶ᠎ᠠ ᠲᠡᠷᠢᠭᠦᠯᠡᠭᠴᠢ ᠰᠢ ᠶᠢᠨ ᠫᠢᠩ ᠲᠠᠢ ᠨᠢᠭᠳᠠ ᠶᠠᠪᠤᠯᠴᠠᠭ᠎ᠠ ᠪᠠᠨ | ᠪᠠᠳᠤᠯᠠᠵᠤ᠂ ᠡᠺᠦ᠋ᠸᠠᠳᠦᠷ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠭᠰᠢ ᠬᠦᠭᠵᠢᠬᠦ ᠶᠢ | ᠬᠠᠮᠳᠦ ᠪᠠᠷ ᠠᠬᠢᠭᠤᠯᠤᠨ᠎ᠠ ᠭᠡᠵᠤ ᠢᠯᠡᠳᠭᠡᠵᠠᠢ᠃ |