ᠮᠤᠩᠭᠤᠯᠴᠤᠳ ᠤᠨ ᠮᠠᠯ ᠲᠠᠮᠠᠭᠠᠯᠠᠬᠤ ᠵᠠᠩᠰᠢᠯ
ᠨᠡᠶᠢᠲᠡᠯᠡᠭᠰᠡᠨ ᠴᠠᠭ᠄
2020-06-18
    ᠮᠤᠩᠭᠤᠯᠴᠤᠳ ᠡᠷᠳᠡ ᠲᠡᠭᠡᠳᠤ ᠠᠴᠠ ᠪᠠᠨ ᠡᠬᠢᠯᠡᠨ ᠦᠪᠡᠷ ᠤᠨ ᠡᠷᠬᠢᠯᠡᠨ ᠡᠵᠡᠮᠰᠢᠭᠰᠡᠨ ᠤᠯᠠᠨ ᠵᠠᠭᠤᠨ ᠮᠢᠩᠭᠠᠨ ᠮᠠᠯ ᠰᠦᠷᠦᠭ ᠢᠶᠠᠨ ᠲᠠᠨᠢᠨ ᠪᠦᠷᠢᠳᠭᠡᠬᠦ ᠳᠡᠭᠡᠨ ᠮᠠᠯ ᠤᠨ ᠦᠡᠭᠭᠡ ᠵᠢᠰᠤᠮ᠂ ᠨᠠᠰᠤ ᠰᠢᠳᠤ᠂ ᠲᠦᠷᠰᠦ ᠶᠠᠩᠵᠤ ᠪᠠᠶᠢᠳᠠᠯ ᠵᠡᠷᠭᠡ ᠪᠠᠷ ᠨᠢ ᠵᠢᠰᠤᠯᠠᠨ ᠢᠯᠭᠠᠪᠤᠷᠢᠯᠠᠬᠤ ᠠᠷᠭ᠎ᠠ ᠴᠢᠳᠠᠪᠤᠷᠢ ᠶᠢ ᠪᠤᠯᠪᠠᠰᠤᠷᠠᠭᠤᠯᠤᠭᠰᠠᠨ ᠠᠴᠠ ᠭᠠᠳᠠᠨ᠎ᠠ ᠪᠠᠰᠠ ᠨᠢᠭᠡᠨ ᠴᠢᠬᠤᠯᠠ ᠪᠠᠷᠢᠮᠳᠠ ᠲᠡᠮᠳᠡᠭ ᠲᠠᠮᠠᠭ᠎ᠠ ᠶᠢ ᠡᠬᠦᠳᠤᠨ ᠪᠦᠳᠦᠭᠡᠭᠰᠠᠨ ᠶᠤᠮ᠃ ᠮᠠᠯ ᠤᠨ ᠲᠠᠮᠠᠭ᠎ᠠ ᠳᠤ ᠲᠤᠮᠤ ᠲᠠᠮᠠᠭ᠎ᠠ᠂ ᠪᠠᠭ᠎ᠠ ᠲᠠᠮᠠᠭ᠎ᠠ ᠭᠡᠵᠤ ᠬᠤᠶᠠᠷ ᠵᠦᠢᠯ ᠪᠠᠶᠢᠳᠠᠭ᠃ ᠲᠤᠮᠤ ᠲᠠᠮᠠᠭ᠎ᠠ ᠶᠢ ᠲᠡᠮᠡᠭᠡ ᠠᠳᠤᠭᠤᠨ ᠤ ᠪᠡᠶ᠎ᠡ ᠶᠢᠨ ᠠᠷᠠᠰᠤᠨ ᠲᠡᠭᠡᠷ᠎ᠡ᠂ ᠪᠠᠭ᠎ᠠ ᠲᠠᠮᠠᠭ᠎ᠠ ᠶᠢ ᠦᠬᠡᠷ᠂ ᠬᠤᠨᠢ᠂ ᠢᠮᠠᠭᠠᠨ ᠤ ᠡᠪᠡᠷ ᠴᠢᠬᠢᠨ ᠲᠡᠭᠡᠷ᠎ᠡ ᠲᠠᠷᠤᠬᠤ ᠳᠤ ᠵᠤᠷᠢᠭᠤᠯᠤᠭᠰᠠᠨ ᠪᠠᠶᠢᠳᠠᠭ᠃ ᠪᠤᠳᠠ ᠪᠤᠭ ᠮᠠᠯ ᠢ 2 — 3 ᠨᠠᠰᠤ ᠬᠦᠷᠬᠦ ᠳᠤ ᠬᠠᠪᠤᠷ ᠨᠠᠮᠤᠷ ᠤᠨ ᠤᠯᠠᠷᠢᠯ ᠳᠤ ᠲᠠᠮᠠᠭᠠᠯᠠᠨ᠎ᠠ᠃ ᠮᠠᠯ ᠤᠨ ᠪᠡᠶ᠎ᠡ ᠶᠢᠨ ᠠᠷᠠᠰᠤᠨ ᠲᠡᠭᠡᠷ᠎ᠡ ᠲᠠᠮᠠᠭᠠᠯᠠᠬᠤ ᠳᠠᠭᠠᠨ ᠲᠠᠮᠠᠭ᠎ᠠ ᠲᠠᠷᠤᠬᠤ ᠬᠡᠰᠡᠭ ᠤᠨ ᠦᠰᠦ ᠨᠤᠤᠰᠤ ᠶᠢ ᠨᠢ ᠬᠠᠶᠢᠴᠢᠯᠠᠬᠤ ᠪᠤᠶᠤ ᠤᠰᠤ ᠪᠠᠷ ᠨᠤᠷᠭᠠᠭᠰᠠᠨ ᠤ ᠲᠠᠷᠠᠭ᠎ᠠ ᠭᠠᠯ ᠳᠤ ᠤᠯᠠᠶᠢᠯᠭᠠᠭᠰᠠᠨ ᠲᠠᠮᠠᠭ᠎ᠠ ᠪᠠᠨ ᠲᠡᠩᠴᠡᠬᠦᠷᠢ ᠲᠤᠬᠢᠷᠠᠮᠵᠢᠲᠠᠢ ᠲᠤᠷᠠᠶᠢᠳᠠᠯ᠎ᠠ ᠲᠤᠳᠤ ᠲᠠᠷᠤᠨ᠎ᠠ᠃     ᠲᠠᠮᠠᠭ᠎ᠠ ᠶᠢ ᠮᠠᠯ ᠤᠨ ᠪᠡᠶ᠎ᠡ ᠶᠢᠨ ᠠᠯᠢ ᠬᠡᠰᠡᠭ ᠲᠤ ᠶᠠᠭᠠᠬᠢᠵᠤ ᠲᠠᠷᠤᠬᠤ ᠲᠤᠬᠠᠢ ᠲᠤᠭᠳᠠᠭᠰᠠᠨ ᠵᠢᠷᠤᠮ ᠪᠠᠶᠢᠳᠠᠭ᠃ ᠲᠤᠬᠠᠶᠢᠯᠠᠪᠠᠯ ᠲᠡᠮᠡᠭᠡᠨ ᠤ ᠵᠦᠪᠳᠠᠢ ᠲᠠᠯ᠎ᠠ ᠶᠢᠨ ᠬᠠᠴᠠᠷ᠂ ᠭᠤᠶ᠎ᠠ᠂ ᠲᠠᠰᠢᠶ᠎ᠠ ᠪᠠ ᠪᠤᠷᠤᠭᠤᠳᠠᠢ ᠲᠠᠯ᠎ᠠ ᠶᠢᠨ ᠭᠤᠶ᠎ᠠ᠂ ᠲᠠᠰᠢᠶ᠎ᠠ ᠲᠡᠭᠡᠷ᠎ᠡ᠂ ᠠᠳᠤᠭᠤᠨ ᠤ ᠵᠦᠪᠳᠠᠢ ᠲᠠᠯ᠎ᠠ ᠶᠢᠨ ᠭᠤᠶ᠎ᠠ᠂ ᠲᠠᠰᠢᠶ᠎ᠠ ᠪᠠ ᠪᠤᠷᠤᠭᠤᠳᠠᠢ ᠲᠠᠯ᠎ᠠ ᠶᠢᠨ ᠭᠤᠶ᠎ᠠ᠂ ᠲᠠᠰᠢᠶ᠎ᠠ ᠵᠡᠷᠭᠡ ᠭᠠᠵᠠᠷ ᠲᠠᠷᠤᠨ᠎ᠠ᠃ ᠠᠳᠤᠭᠤᠨ ᠤ ᠵᠦᠪ ᠪᠤᠷᠤᠭᠤ ᠬᠤᠶᠠᠷ ᠬᠠᠴᠠᠷ ᠪᠤᠶᠤ ᠲᠡᠮᠡᠭᠡᠨ ᠤ ᠪᠤᠷᠤᠭᠤᠲᠠᠢ ᠲᠠᠯ᠎ᠠ ᠶᠢᠨ ᠬᠠᠴᠠᠷ ᠲᠡᠭᠡᠷ᠎ᠡ ᠲᠠᠮᠠᠭ᠎ᠠ ᠲᠠᠷᠤᠳᠠᠭ ᠦᠭᠡᠢ᠃  ᠵᠠᠷᠢᠮ ᠨᠤᠳᠤᠭ ᠲᠤ ︽ᠪᠤᠷᠤᠭᠤᠲᠠᠢ ᠲᠠᠯ᠎ᠠ ᠶᠢᠨ ᠲᠠᠮᠠᠭ᠎ᠠ ᠪᠤᠯ ᠪᠠᠷᠠᠭᠳᠠᠬᠤ ᠶᠢᠨ ᠲᠡᠮᠳᠡᠭ︾ ᠬᠡᠮᠡᠨ ᠠᠯᠢ ᠴᠤ ᠮᠠᠯ ᠤᠨ ᠪᠤᠷᠤᠭᠤᠳᠠᠢ ᠲᠠᠯ᠎ᠠ ᠶᠢᠨ ᠪᠡᠶ᠎ᠡ ᠲᠡᠭᠡᠷ᠎ᠡ ᠶᠡᠷᠤ ᠲᠠᠮᠠᠭ᠎ᠠ ᠲᠠᠷᠤᠳᠠᠭ ᠦᠭᠡᠢ ᠵᠠᠩᠰᠢᠯ ᠴᠤ ᠪᠠᠶᠢᠳᠠᠭ᠃ ᠦᠬᠡᠷ ᠤᠨ ᠪᠡᠶ᠎ᠡ ᠶᠢᠨ ᠠᠷᠠᠰᠤᠨ ᠲᠡᠭᠡᠷ᠎ᠡ ᠲᠠᠮᠠᠭ᠎ᠠ ᠲᠠᠷᠤᠬᠤ ᠨᠢ ᠲᠤᠩ ᠴᠦᠬᠡᠨ᠂ ᠭᠤᠤᠯᠳᠠᠭᠤ ᠡᠪᠡᠷ ᠲᠡᠭᠡᠷ᠎ᠡ ᠨᠢ ᠲᠠᠮᠠᠭ᠎ᠠ ᠲᠠᠷᠤᠳᠠᠭ᠂ ᠤᠨᠴᠠ ᠵᠠᠷᠢᠮ ᠲᠦᠢᠮᠠᠭ ᠦᠬᠡᠷ ᠲᠤ ᠪᠤᠯ ᠲᠠᠰᠢᠶ ᠎ᠠ ᠲᠡᠭᠡᠷ᠎ᠡ ᠨᠢ ᠲᠠᠮᠠᠭᠠᠯᠠᠨ᠎ᠠ᠃ ᠬᠤᠨᠢ ᠢᠮᠠᠭ᠎ᠠ ᠶᠢᠨ ᠡᠪᠡᠷ ᠲᠡᠭᠡᠷ᠎ᠡ ᠲᠠᠮᠠᠭᠠᠯᠠᠨ᠎ᠠ᠃ ᠵᠠᠷᠢᠮ ᠮᠤᠬᠤᠷ ᠬᠤᠨᠢ᠂ ᠢᠮᠠᠭ᠎ᠠ ᠶᠢᠨ ᠴᠢᠬᠢᠨ ᠲᠡᠭᠡᠷ᠎ᠡ ᠲᠠᠮᠠᠭᠠᠯᠠᠬᠤ ᠶᠢ ᠭᠠᠷᠭᠠᠪᠠᠯ ᠬᠤᠨᠢ ᠢᠮᠠᠭᠠᠨ ᠤ ᠪᠡᠶ᠎ᠡ ᠶᠢᠨ ᠦᠭᠡᠷ᠎ᠡ ᠬᠡᠰᠡᠭ ᠲᠤ ᠲᠠᠮᠠᠭᠠᠯᠠᠬᠤ ᠦᠭᠡᠢ᠃     ᠮᠠᠯ ᠲᠠᠮᠠᠭᠠᠯᠠᠬᠤ ᠳᠤ ᠲᠠᠮᠠᠭ᠎ᠠ ᠶᠢᠨ ᠲᠡᠭᠡᠳᠤ ᠲᠠᠯ᠎ᠠ ᠶᠢ ᠡᠷᠬᠡᠪᠰᠢ ᠡᠭᠴᠡ ᠦᠭᠡᠳᠡ ᠬᠠᠨᠳᠤᠭᠤᠯᠬᠤ ᠪᠤᠶᠤ ᠮᠠᠯ ᠤᠨ ᠲᠤᠯᠤᠭᠠᠢ ᠵᠦᠭ ᠬᠠᠨᠳᠤᠭᠤᠯᠵᠤ ᠲᠠᠷᠤᠨ᠎ᠠ᠃     ᠮᠤᠩᠭᠤᠯᠴᠤᠳ ᠰᠠᠷᠠᠨ ᠲᠠᠮᠠᠭ᠎ᠠ ᠶᠢ ᠬᠠᠮᠤᠭ ᠤᠨ ᠡᠷᠬᠢᠮ ᠲᠡᠭᠡᠳᠤ ᠲᠠᠮᠠᠭ᠎ᠠ ᠬᠡᠮᠡᠨ ᠦᠵᠡᠵᠤ ᠲᠡᠬᠦᠨ ᠤ ᠬᠤᠶᠠᠷ ᠦᠵᠦᠬᠦᠷ ᠢ ᠮᠠᠯ ᠤᠨ ᠲᠤᠯᠤᠭᠠᠢ ᠵᠦᠭ ᠬᠠᠨᠳᠤᠭᠤᠯᠵᠤ ᠲᠠᠷᠤᠨ᠎ᠠ᠃ ᠰᠠᠷᠠᠨ ᠲᠠᠮᠠᠭ᠎ᠠ ᠶᠢᠨ ᠤᠴᠢᠷ ᠨᠢ ᠰᠠᠷ᠎ᠠ ᠪᠦᠷᠢ ᠶᠢᠨ ᠰᠢᠨᠡᠳ ᠢᠶᠠᠷ ᠬᠠᠪᠢᠷᠭᠠᠨ ᠰᠠᠷ᠎ᠠ ᠭᠠᠷᠴᠤ ᠡᠳᠤᠷ ᠠᠴᠠ ᠡᠳᠤᠷ ᠲᠤᠮᠤᠷᠠᠭᠰᠠᠭᠠᠷ ᠠᠷᠪᠠᠨ ᠲᠠᠪᠤᠨ ᠤ ᠡᠳᠤᠷ ᠪᠦᠬᠦᠯᠢ ᠲᠦᠬᠦᠷᠢᠭ ︵ᠲᠡᠷᠭᠡᠯ︶ ᠪᠤᠯᠳᠠᠭ ᠶᠠᠪᠤᠳᠠᠯ ᠢᠶᠠᠷ ᠨᠢᠭᠡᠨ ᠠᠶᠢᠯ ᠡᠷᠤᠬᠡ ᠶᠢᠨ ᠮᠠᠯ ᠬᠦᠷᠦᠩᠭᠡ ᠨᠢ ᠴᠦᠬᠡᠨ ᠪᠠᠭᠤᠷᠠᠢ ᠪᠠᠶᠢᠭᠰᠠᠨ ᠶᠠᠪᠤᠳᠠᠯ ᠠᠴᠠ ᠪᠠᠨ ᠵᠢᠯ ᠲᠠᠷᠠᠭᠠᠯᠠᠨ ᠦᠨᠢᠷ ᠦᠰᠴᠦ ᠪᠠᠶᠠᠨ ᠴᠢᠨᠡᠭᠡᠯᠢᠭ ᠪᠤᠯᠬᠤ ᠶᠢ ᠪᠡᠯᠭᠡᠳᠡᠳᠡᠭ ᠪᠠᠶᠢᠨ᠎ᠠ᠃ ᠰᠤᠮᠤᠨ ᠲᠠᠮᠠᠭ᠎ᠠ ᠲᠠᠢ ᠠᠶᠢᠯ ᠦᠭᠡᠳᠡᠯᠡᠬᠦ ᠨᠢ ᠲᠦᠷᠭᠡᠨ᠂ ᠲᠤᠭᠤᠷᠠᠢ ᠲᠠᠮᠠᠭ᠎ᠠ ᠲᠠᠢ ᠠᠶᠢᠯ ᠤᠨ ᠠᠭᠳᠠ ᠬᠤᠷᠳᠤᠨ ᠪᠤᠯᠤᠨ᠎ᠠ᠃ ᠴᠢᠨᠳᠠᠮᠤᠨᠢ ᠲᠠᠮᠠᠭ᠎ᠠ ᠲᠠᠢ ᠠᠶᠢᠯ ᠶᠠᠳᠠᠭᠤᠷᠠᠬᠤ ᠦᠭᠡᠢ ᠬᠡᠬᠦ ᠮᠡᠳᠤᠴᠢᠯᠡᠨ ᠪᠡᠯᠭᠡᠯᠡᠨ ᠲᠠᠶᠢᠯᠪᠤᠷᠢᠯᠠᠵᠤ ᠶᠠᠷᠢᠳᠠᠭ ᠪᠢᠯᠡ᠃     ᠲᠠᠮᠠᠭ᠎ᠠ ᠳᠤ᠄ ᠰᠠᠷᠠᠨ ᠲᠠᠮᠠᠭ᠎ᠠ᠂ ᠨᠠᠷᠠᠨ ᠰᠠᠷᠠᠨ ᠲᠠᠮᠠᠭ᠎ᠠ᠂ ᠵᠤᠭᠤᠰᠤᠨ ᠲᠠᠮᠠᠭ᠎ᠠ᠂ ᠴᠢᠨᠳᠠᠮᠤᠨᠢ ᠲᠠᠮᠠᠭ᠎ᠠ᠂ ᠵᠤᠤᠵᠢ ᠲᠠᠮᠠᠭ᠎ᠠ ᠭᠡᠬᠦ ᠮᠡᠳᠤ ᠶᠢᠨ ᠲᠠᠮᠠᠭ᠎ᠠ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号