ᠦᠣᠰᠢᠨ ᠵᠠᠰᠠᠭ ᠳᠠᠷᠬᠠᠭᠠᠬᠤ ﹇2020﹈ 9 ᠳ᠋ᠦ᠋ᠭᠡᠷ ᠳᠣᠭᠠᠳᠣ | | ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠵᠦᠪᠰᠢᠶᠡᠷᠡᠭᠦᠯᠦᠭᠡᠳ ︽ᠦᠤᠰᠢᠨ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ | ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠤᠨ ᠠᠷᠭ᠎ᠠ ︵ᠵᠠᠰᠠᠪᠤᠷᠢ | ᠣᠷᠣᠭᠤᠯᠤᠭᠰᠠᠨ︶︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠤᠲᠠᠳᠤ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠬᠦᠯᠦᠭᠡᠷᠡᠢ᠃ | | ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 6 ᠰᠠᠷ᠎ᠠ ᠶᠢᠨ 2 ᠤᠨ ᠡᠳᠦᠷ | | | ᠦᠤᠰᠢᠨ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠬᠦᠬᠡᠬᠦ ᠪᠠ ᠮᠠᠯ | ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠤᠨ ᠠᠷᠭ᠎ᠠ ︵ᠵᠠᠰᠠᠪᠤᠷᠢ ᠣᠷᠣᠭᠤᠯᠤᠭᠰᠠᠨ︶ | | ᠨᠢᠭᠡᠳᠦᠭᠡᠷ ᠵᠤᠷᠪᠤᠰ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠨᠦᠬᠦᠪᠦᠷᠢ | ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠬᠦᠬᠡᠬᠦ ᠪᠠ ᠮᠠᠯ | ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠵᠤ ᠨᠤᠲᠤᠭ ᠪᠡᠯᠴᠢᠭᠡᠷ ᠤᠨ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠳᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠤᠷᠪᠤᠰ ᠲᠣᠰ ᠠᠷᠭ᠎ᠠ ᠦᠤᠰᠢᠨ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ | ᠪᠡᠯᠴᠢᠭᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ | ᠪᠦᠬᠦᠶᠢᠯᠡ ᠣᠷᠣᠨ ᠪᠦᠰᠡ ᠳᠤ ᠲᠤᠬᠢᠷᠠᠨ᠎ᠠ᠃ | ᠪᠡᠯᠴᠢᠭᠡᠷᠯᠡᠭᠦᠯᠬᠦ ᠶᠢ ᠬᠤᠷᠢᠭᠯᠠᠬᠤ ᠭᠡᠳᠡᠭ ᠨᠢ ᠪᠡᠯᠴᠢᠭᠡᠷᠯᠡᠭᠦᠯᠦᠨ ᠠᠰᠢᠭᠯᠠᠬᠤ ᠶᠢ ᠪᠦᠬᠦ ᠵᠢᠯ ᠢᠶᠠᠷ | ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠢᠭᠠᠵᠤ ᠪᠠᠶᠢᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ | ᠪᠦᠰᠡ ᠭᠡᠳᠡᠭ ᠨᠢ ᠤᠯᠤᠰ ︵ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠨᠥᠬᠦᠪᠥᠷᠢ ᠥᠭᠴᠦ | ᠱᠠᠩᠨᠠᠬᠤ ᠲᠥᠷᠥ ᠶᠢᠨ ᠪᠣᠳᠣᠯᠭ᠎ᠠ︶ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠨᠥᠬᠦᠪᠥᠷᠢ ᠬᠦᠷᠲᠡᠬᠦ ᠣᠷᠣᠨ | ᠪᠦᠰᠡ ᠶᠢ ᠵᠢᠭᠠᠵᠤ ᠡᠭᠦᠨ ᠳᠤ ᠤᠯᠤᠰ ᠤᠨ ᠠᠮᠢ ᠠᠬᠤᠢ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ | ᠵᠦᠢᠯ ᠤᠨ ᠤᠷᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠠᠷᠠᠳ ᠢ ᠨᠡᠭᠦᠯᠭᠡᠬᠦ | ᠢᠨᠵᠧᠨᠧᠷᠢᠩ ᠤᠨ ᠨᠡᠭᠦᠵᠦ ᠭᠠᠷᠬᠤ ᠣᠷᠣᠨ᠂ ᠪᠦᠬᠦ ᠰᠢᠷᠬᠤᠰᠤᠨ ᠪᠠᠯᠭᠠᠰᠤ᠂ ᠬᠠᠭᠠᠰ ᠲᠠᠷᠢᠶᠠᠯᠠᠬᠤ ᠬᠠᠭᠠᠰ | ᠮᠠᠯᠵᠢᠬᠤ ᠣᠷᠣᠨ ︵ᠤᠤᠯ ᠤᠨ ᠬᠤᠯᠪᠤᠭᠠᠯᠵᠢ ᠰᠢᠶᠠᠩ᠂ ᠤᠯᠠᠭᠠᠨᠰᠢᠪᠠᠷᠲᠠᠢ ᠰᠢᠶᠠᠩ᠂ ᠬᠤᠵᠢᠷᠲᠤ ᠰᠢᠶᠠᠩ᠂ | ᠬᠤᠸᠠᠲᠤᠯᠤᠭᠠᠢ ᠰᠢᠶᠠᠩ᠂ ᠪᠠᠶᠠᠨᠴᠠᠶᠢᠳᠠᠮ ᠰᠢᠶᠠᠩ︶ ᠵᠢᠴᠢ ᠪᠦᠬᠦ ᠬᠤᠰᠢᠭᠤᠨ ᠤ ᠠᠮᠢ ᠠᠬᠤᠶ ᠬᠦᠨᠳᠦ ᠨᠣᠴᠢᠲᠠᠶ | ᠮᠠᠭᠤᠳᠠᠭᠰᠠᠨ ᠭᠠᠵᠠᠷ ᠣᠷᠣᠨ ᠵᠡᠷᠭᠡ ᠪᠠᠭᠲᠠᠨ᠎ᠠ᠃ | ᠡᠪᠡᠰᠦ ᠪᠡᠯᠴᠢᠭᠡᠷ ᠢ ᠰᠡᠷᠬᠦᠬᠡᠬᠦ ᠭᠡᠳᠡᠭ ᠨᠢ ᠲᠣᠭᠲᠠᠭᠰᠠᠨ ᠴᠠᠭ ᠲᠤ ᠪᠡᠯᠴᠢᠭᠡᠷᠯᠡᠭᠦᠯᠦᠨ ᠠᠰᠢᠭᠯᠠᠬᠤ ᠶᠢ | ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠢᠭᠠᠵᠤ ᠪᠠᠶᠢᠨ᠎ᠠ᠃ ᠪᠦᠬᠦ ᠬᠤᠰᠢᠭᠤᠨ ᠤ ᠴᠠᠭ ᠠᠭᠤᠷ ᠤᠨ | ᠨᠥᠬᠦᠴᠡᠯ᠂ ᠣᠢ ᠰᠢᠭᠤᠶ ᠡᠪᠡᠰᠦᠨ ᠤ ᠤᠷᠭᠤᠯᠲᠠ ᠶᠢᠨ ᠬᠤᠭᠤᠴᠠᠭ᠎ᠠ᠂ ᠮᠠᠯ ᠠᠮᠢᠲᠠᠨ ᠤ ᠠᠮᠢ ᠠᠬᠤᠢ ᠶᠢᠨ | ᠣᠷᠴᠢᠨ ᠲᠣᠭᠤᠷᠢᠨ ᠢ ᠨᠥᠯᠥᠭᠡᠯᠡᠬᠦ ᠬᠡᠮᠵᠢᠶ᠎ᠡ ᠵᠡᠷᠭᠡ ᠡᠯᠧᠮᠧᠨ᠋ᠲ ᠶᠢ ᠦᠨᠳᠦᠰᠦᠯᠡᠨ ᠠᠳᠠᠯᠢ ᠪᠤᠰᠤ ᠮᠠᠯ ᠤᠨ | ᠲᠦᠷᠦᠯ ᠤᠨ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠬᠥᠳᠡᠯᠦᠩᠭᠦᠶ | ᠲᠣᠬᠢᠷᠠᠭᠤᠯᠤᠯᠲᠠ ᠬᠢᠪᠡ᠂ ᠪᠡᠯᠴᠢᠭᠡᠷᠯᠡᠭᠦᠯᠬᠦ ᠶᠢ ᠬᠤᠷᠢᠭᠯᠠᠵᠤ ᠡᠪᠡᠰᠦ ᠪᠡᠯᠴᠢᠭᠡᠷ ᠢ ᠰᠡᠷᠬᠦᠬᠡᠬᠦ ᠪᠤᠲᠠᠲᠠᠢ | ᠬᠤᠭᠤᠴᠠᠭ᠎ᠠ᠄ | ︵ᠨᠢᠭᠡ︶ ᠢᠮᠠᠭ᠎ᠠ ︵ᠰᠠᠭᠠᠯᠢ ᠶᠢᠨ ᠢᠮᠠᠭ᠎ᠠ ᠪᠠᠭᠲᠠᠨ᠎ᠠ︶᠃ ᠪᠦᠬᠦ ᠵᠢᠯ ᠳᠤ ᠪᠡᠯᠴᠢᠭᠡᠷᠯᠡᠭᠦᠯᠬᠦ ᠶᠢ | ᠬᠤᠷᠢᠭᠯᠠᠵᠤ᠂ ᠳᠥᠷᠪᠡᠨ ᠤᠯᠠᠷᠢᠯ ᠳᠤ ᠬᠠᠰᠢᠶᠠᠯᠠᠨ ᠲᠡᠵᠢᠭᠡᠵᠦ ᠮᠠᠯᠵᠢᠨ᠎ᠠ᠃ | ︵ᠬᠤᠶᠠᠷ︶ ᠣᠷᠳᠣᠰ ᠨᠠᠷᠢᠨ ᠨᠣᠣᠰᠣᠲᠤ ᠬᠤᠨᠢ᠃ ᠵᠢᠯ ᠪᠦᠷᠢ ᠶᠢᠨ 4 ᠰᠠᠷ᠎ᠠ ᠶᠢᠨ 1 ᠤ ᠡᠳᠦᠷ ᠠᠴᠠ 5 | ᠰᠠᠷ᠎ᠠ ᠶᠢᠨ 31 ᠤ ᠡᠳᠦᠷ ᠪᠣᠯᠲᠠᠯᠠᠬᠢ ᠴᠠᠭ ᠬᠤᠭᠤᠴᠠᠭ᠎ᠠ ᠪᠤᠯ ᠡᠪᠡᠰᠦ ᠪᠡᠯᠴᠢᠭᠡᠷ ᠢ ᠰᠡᠷᠬᠦᠬᠡᠬᠦ ᠬᠤᠭᠤᠴᠠᠭ᠎ᠠ | ᠪᠣᠯᠤᠨ᠎ᠠ᠃ | ︵ᠭᠤᠷᠪᠠ︶ ᠪᠤᠰᠤᠳ ᠡᠪᠡᠰᠦᠨ ᠲᠡᠵᠢᠭᠡᠯᠲᠦ ᠮᠠᠯ ᠤᠨ ᠲᠦᠷᠦᠯ᠃ ᠵᠢᠯ ᠪᠦᠷᠢ ᠶᠢᠨ 4 ᠰᠠᠷ᠎ᠠ ᠶᠢᠨ 1 ᠤ | ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯᠠᠬᠢ ᠴᠠᠭ ᠬᠤᠭᠤᠴᠠᠭ᠎ᠠ ᠪᠤᠯ ᠡᠪᠡᠰᠦ ᠪᠡᠯᠴᠢᠭᠡᠷ ᠢ ᠰᠡᠷᠬᠦᠬᠡᠬᠦ | ᠬᠤᠭᠤᠴᠠᠭ᠎ᠠ ᠪᠣᠯᠤᠨ᠎ᠠ᠃ | ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠭᠡᠳᠡᠭ ᠨᠢ ᠲᠠᠯ᠎ᠠ ᠨᠤᠲᠤᠭ ᠤᠨ ᠠᠮᠢ ᠠᠬᠤᠶ ᠶᠢᠨ | ᠰᠢᠰᠲ᠋ᠧᠮ ᠤᠨ ᠰᠠᠶᠢᠨ ᠡᠷᠬᠢᠯᠲᠡ ᠶᠢ ᠪᠠᠲᠤᠯᠠᠬᠤ ᠶᠢᠨ ᠲᠥᠯᠥᠭᠡ ᠵᠣᠬᠢᠬᠤ ᠬᠤᠭᠤᠴᠠᠭᠠᠨ ᠳᠤ ᠨᠤᠲᠤᠭ ᠪᠡᠯᠴᠢᠭᠡᠷ ᠤᠨ | ᠬᠡᠷᠡᠭᠯᠡᠭᠴᠢ ᠪᠤᠶᠤ ᠳᠠᠭᠠᠭᠠᠴᠢᠯᠠᠨ ᠡᠵᠡᠩᠨᠡᠭᠴᠢ ᠨᠤᠲᠤᠭ ᠪᠡᠯᠴᠢᠭᠡᠷ ᠪᠠ ᠪᠤᠰᠤᠳ ᠠᠷᠭ᠎ᠠ ᠵᠠᠮ ᠢᠶᠠᠷ ᠳᠠᠮᠵᠢᠨ | ᠣᠯᠤᠭᠰᠠᠨ ᠠᠰᠢᠭᠯᠠᠵᠤ ᠪᠤᠯᠬᠤ ᠡᠪᠡᠰᠦ ᠪᠣᠷᠳᠤᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠮᠠᠯ ᠲᠡᠵᠢᠭᠡᠬᠦ ᠳᠤ ᠬᠡᠷᠡᠭᠰᠡᠬᠦ | ᠡᠪᠡᠰᠦ ᠪᠣᠷᠳᠤᠭ᠎ᠠ ᠶᠢ ᠬᠥᠳᠡᠯᠦᠩᠭᠦᠶ ᠪᠠᠷ ᠲᠡᠩᠴᠡᠭᠦᠷᠢᠲᠡᠶ ᠪᠠᠶᠢᠯᠭᠠᠬᠤ ᠶᠢ ᠵᠢᠭᠠᠵᠤ ᠪᠠᠶᠢᠨ᠎ᠠ᠃ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠣᠷᠣᠨ ᠪᠦᠰᠡ ᠭᠡᠳᠡᠭ ᠨᠢ ᠤᠯᠤᠰ ︵ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠪᠠ ᠨᠥᠬᠦᠪᠥᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ︶ ᠤᠨ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠶᠢ ᠱᠠᠩᠨᠠᠬᠤ ᠲᠦᠷᠦ ᠶᠢᠨ ᠪᠤᠳᠤᠯᠭ᠎ᠠ ᠶᠢ ᠬᠦᠷᠲᠡᠵᠤ ᠪᠠᠶᠢᠬᠤ ᠣᠷᠣᠨ ᠪᠦᠰᠡ ᠶᠢ ᠵᠢᠭᠠᠵᠤ ᠪᠣᠶ᠂ | ᠲᠤᠬᠠᠶᠢᠯᠠᠪᠠᠯ ᠡᠪᠡᠰᠦ ᠪᠡᠯᠴᠢᠭᠡᠷ ᠢ ᠰᠡᠷᠬᠦᠬᠡᠬᠦ ᠣᠷᠣᠨ ᠤ ᠡᠪᠡᠰᠦ ᠪᠡᠯᠴᠢᠭᠡᠷ ᠢ ᠰᠡᠷᠬᠦᠬᠡᠬᠦ ᠠᠵᠢᠯ ᠳᠠᠭᠤᠰᠤᠭᠰᠠᠨ ᠤ | ᠳᠠᠷᠠᠭ᠎ᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ ᠬᠡᠷᠡᠭᠵᠢᠭᠦᠯᠦᠨ᠎ᠡ᠃ | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠡᠭᠦᠷᠭᠡ ᠶᠢ ᠦᠨᠳᠦᠰᠦᠯᠡᠨ | ᠲᠤᠰᠬᠠᠶ ᠠᠵᠢᠯ ᠤᠨ ᠵᠠᠷᠤᠳᠠᠯ ᠢ ᠲᠣᠬᠢᠷᠠᠭᠤᠯᠬᠤ ᠶᠢᠨ ᠬᠠᠮᠲᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ | ᠭᠠᠴᠠᠭ᠎ᠠ ᠲᠣᠰᠬᠤᠨ ᠬᠠᠷᠢᠶᠠᠲᠤ ᠲᠤᠭᠤᠷᠢᠭ ᠤᠨ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠨᠤᠲᠤᠭ ᠪᠡᠯᠴᠢᠭᠡᠷ ᠲᠤ ᠳᠠᠩᠰᠠ | ᠡᠪᠬᠡᠮᠡᠯ ᠪᠠᠶᠢᠭᠤᠯᠬᠤ ᠬᠡᠷᠡᠭᠲᠡᠶ᠃ | ᠳᠥᠷᠪᠡᠳᠦᠭᠡᠷ ᠵᠤᠷᠪᠤᠰ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ | ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠮᠡᠳᠡᠯᠭᠡ ᠶᠢ ᠲᠦᠭᠡᠮᠡᠯᠵᠢᠭᠦᠯᠤᠨ ᠬᠠᠰᠢᠶᠠᠯᠠᠨ ᠲᠡᠵᠢᠭᠡᠬᠦ᠂ ᠲᠣᠭᠤᠷᠢᠭ ᠬᠤᠪᠢᠶᠠᠨ | ᠰᠡᠯᠬᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠮᠡᠷᠭᠡᠵᠢᠯ ᠢ ᠳᠡᠯᠭᠡᠷᠡᠭᠦᠯᠵᠦ ᠨᠤᠲᠤᠭ | ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠵᠦᠶ ᠵᠣᠬᠢᠰᠲᠠᠶ ᠠᠰᠢᠭᠯᠠᠬᠤ ᠬᠡᠷᠡᠭᠲᠡᠶ᠃ | | ᠲᠠᠪᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠠᠵᠢᠯ ᠢ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠤᠨ ᠤ ᠪᠤᠳᠠᠳᠤ ᠦᠷ᠎ᠡ ᠪᠦᠲᠦᠮᠵᠢ ᠶᠢᠨ ᠰᠢᠯᠭᠠᠨ ᠬᠢᠨᠠᠯᠲᠠ | ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠣᠯᠤᠨ ᠮᠠᠯᠴᠢᠨ ᠲᠠᠷᠢᠶᠠᠴᠢᠨ ᠡᠷᠦᠬᠡ ᠡᠪᠡᠰᠦ ᠪᠡᠯᠴᠢᠭᠡᠷ ᠢ ᠰᠡᠷᠭᠦᠭᠡᠬᠦ | ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ | ᠦᠰᠦᠭ ᠵᠢᠷᠤᠨ ᠲᠤᠭᠲᠠᠵᠤ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ ᠡᠭᠦᠷᠭᠡ ᠶᠢ ᠡᠷᠦᠬᠡ ᠳᠤ | ᠬᠤᠪᠢᠶᠠᠷᠢᠯᠠᠬᠤ ᠬᠡᠷᠡᠭᠲᠡᠶ᠃ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ | ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ ᠬᠡᠷᠡᠭᠵᠢᠭᠦᠯᠬᠦ ᠭᠤᠤᠯ | ᠴᠣᠭᠴᠠ ᠪᠠᠶᠢᠵᠤ᠂ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠣᠯ ᠲᠣᠰ ᠬᠠᠷᠢᠶ᠎ᠠ | ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠪᠠᠶᠢᠵᠤ ᠲᠣᠰ ᠬᠠᠷᠢᠶ᠎ᠠ ᠣᠷᠣᠨ ᠤ ᠳᠣᠲᠣᠷ᠎ᠠ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ | ᠪᠡᠯᠴᠢᠭᠡᠷ ᠢ ᠰᠡᠷᠭᠦᠭᠡᠬᠦ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ︔ ᠬᠤᠪᠢᠶᠠᠷᠢᠯᠠᠨ | ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠲᠣᠰ | ᠬᠠᠷᠢᠶ᠎ᠠ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠠᠵᠢᠯ ᠳᠤ | ᠰᠢᠭᠤᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠬᠤᠰᠢᠭᠤ ᠣᠢ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠨᠢ ᠰᠤᠮᠤ ᠪᠠᠯᠭᠠᠰᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ | ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠭᠰᠠᠨ | ᠦᠷ᠎ᠡ ᠳ᠋ᠦᠩ ᠢ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ︔ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠰᠤᠮᠤ | ᠪᠠᠯᠭᠠᠰᠤᠨ ᠤ ᠪᠤᠳᠠᠳᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠦᠨᠳᠦᠰᠦᠯᠡᠯ ᠪᠣᠯᠭᠠᠬᠤ ᠬᠡᠷᠡᠭᠲᠡᠶ᠃ | ᠵᠢᠷᠭᠤᠳᠤᠭᠠᠷ ᠵᠤᠷᠪᠤᠰ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠤᠮᠤ ᠪᠠᠯᠭᠠᠰᠤᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠬᠠᠷᠢᠶ᠎ᠠ ᠣᠷᠣᠨ ᠤ ᠪᠠᠨ ᠲᠤᠲᠤᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠶᠢᠨ ᠬᠠᠤᠯᠢ ᠬᠡᠷᠡᠭᠵᠢᠬᠦᠯᠦᠯᠲᠡ | ᠶᠢᠨ ᠠᠵᠢᠯ ᠢ ᠬᠠᠷᠢᠭᠤᠴᠠᠨ᠎ᠠ︔ ᠬᠤᠰᠢᠭᠤ ᠲᠠᠷᠢᠶᠠᠯᠠᠩ ᠮᠠᠯ ᠠᠵᠤ ᠠᠬᠤᠶ ᠪᠣᠯᠤᠨ ᠤᠰᠤᠨ ᠤ ᠶᠠᠪᠤᠳᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ ᠨᠢ ᠬᠤᠰᠢᠭᠤ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠪᠦᠬᠦ ᠬᠤᠰᠢᠭᠤᠨ ᠤ | ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠶᠢᠨ ᠬᠠᠤᠯᠢ ᠬᠡᠷᠡᠭᠵᠢᠬᠦᠯᠦᠯᠲᠡ ᠶᠢᠨ ᠠᠵᠢᠯ ᠢ ᠬᠠᠷᠢᠭᠤᠴᠠᠬᠤ ᠬᠡᠷᠡᠭᠲᠠᠢ᠃ | ᠳᠣᠯᠣᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠣᠢ ᠰᠢᠭᠤᠶ ᠡᠪᠡᠰᠦ ᠪᠡᠯᠴᠢᠭᠡᠷ ᠢ | ᠬᠠᠮᠢᠶᠠᠷᠤᠨ ᠬᠠᠮᠠᠭᠠᠯᠠᠭᠴᠢ ᠶᠢᠨ ᠨᠥᠬᠦᠪᠥᠷᠢ ᠶᠢᠨ ᠪᠡᠯᠡ ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ | ᠲᠦᠰᠦᠪ ᠲᠤ ᠵᠢᠭᠰᠠᠭᠠᠨ ᠤᠷᠤᠭᠤᠯᠬᠤ ᠬᠡᠷᠡᠭᠲᠠᠢ᠃ ᠭᠠᠴᠠᠭ᠎ᠠ ᠲᠣᠰᠬᠤᠨ ᠤ ᠱᠠᠲᠤᠨ ᠤ ᠣᠢ ᠰᠢᠭᠤᠶ ᠡᠪᠡᠰᠦ | ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠴᠤ ᠬᠠᠮᠠᠭᠠᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ ᠣᠢ | ᠰᠢᠭᠤᠶ ᠡᠪᠡᠰᠦ ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠬᠠᠮᠢᠶᠠᠷᠴᠤ ᠬᠠᠮᠠᠭᠠᠯᠠᠵᠤ ᠪᠠᠶᠢᠭ᠎ᠠ ᠣᠷᠣᠨ ᠪᠦᠰᠡ ᠪᠠᠨ | ᠲᠣᠭᠤᠷᠢᠨ ᠪᠠᠶᠢᠴᠠᠭᠠᠬᠤ ᠶᠢ ᠬᠠᠷᠢᠭᠤᠴᠠᠨ ᠮᠠᠯᠴᠢᠨ ᠲᠠᠷᠢᠶᠠᠴᠢᠨ ᠡᠷᠦᠬᠡ ᠶᠢᠨ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠮᠢᠶᠠᠷᠬᠤ ᠶᠢᠨ ᠬᠠᠮᠲᠤ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ᠂ ᠣᠢ ᠰᠢᠭᠤᠢ ᠡᠪᠡᠰᠦ ᠪᠡᠯᠴᠢᠭᠡᠷ ᠢ ᠡᠪᠳᠡᠬᠦ ᠵᠡᠷᠭᠡ ᠦᠢᠯᠡ ᠠᠵᠢᠯᠯᠠᠭ᠎ᠠ ᠶᠢ ᠴᠠᠭ | ᠲᠤᠬᠠᠢ ᠳᠤᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ | ᠨᠠᠢᠮᠠᠳᠤᠭᠠᠷ ᠵᠤᠷᠪᠤᠰ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠠᠴᠠᠭ᠎ᠠ ᠲᠣᠰᠬᠤᠨ ᠢ | ᠰᠢᠮᠳᠠᠭᠤᠯᠤᠨ ᠵᠢᠯᠤᠭᠤᠳᠴᠤ ︽ᠳᠥᠷᠪᠡᠨ ᠡᠷᠬᠡ ᠳᠥᠷᠪᠡᠨ ᠳᠦᠷᠢᠮ︾ ᠪᠠ ︽ᠲᠣᠰᠬᠤᠨ ᠤ ᠳᠦᠷᠢᠮ ᠠᠷᠠᠳ ᠤᠨ | ᠭᠡᠷ᠎ᠡ︾ ᠶᠢ ᠬᠦᠢᠴᠡᠳ ᠬᠡᠷᠡᠭᠵᠢᠬᠦᠯᠤᠨ ᠮᠠᠯᠴᠢᠨ ᠲᠠᠷᠢᠶᠠᠴᠢᠨ ᠤ ᠡᠪᠡᠰᠦ ᠪᠡᠯᠴᠢᠭᠡᠷ ᠤᠨ ᠤᠷᠭᠤᠮᠠᠯ ᠬᠤᠴᠢᠯᠭ᠎ᠠ ᠶᠢ | ᠬᠠᠮᠠᠭᠠᠯᠠᠬᠤ ᠶᠢ ᠬᠥᠲᠥᠯᠥᠨ ᠵᠢᠯᠤᠭᠤᠳᠴᠤ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ | ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠤᠨ ᠨᠤᠲᠤᠭ ᠪᠡᠯᠴᠢᠭᠡᠷ ᠤᠨ ᠠᠮᠢ | ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠮᠠᠯᠴᠢᠨ ᠲᠠᠷᠢᠶᠠᠴᠢᠨ ᠤ ᠦᠨᠡᠨᠴᠢ ᠢᠲᠡᠭᠡᠮᠵᠢ ᠶᠢᠨ | ᠳᠠᠩᠰᠠ ᠡᠪᠬᠡᠮᠡᠯ ᠢ ᠪᠠᠶᠢᠭᠤᠯᠵᠤ ᠰᠠᠷ᠎ᠠ ᠪᠦᠷᠢ ᠭᠠᠴᠠᠭ᠎ᠠ ᠲᠣᠰᠬᠤᠨ ᠤ ᠢᠯᠡ ᠨᠡᠶᠢᠲᠡᠯᠡᠬᠦ ᠪᠤᠯᠤᠩ ᠳᠤ ᠨᠡᠶᠢᠲᠡᠯᠡᠨ | ᠢᠲᠡᠭᠡᠮᠵᠢ ᠠᠯᠳᠠᠭᠰᠠᠨ ᠬᠥᠮᠦᠰ ᠲᠠᠢ ᠪᠣᠯᠵᠣᠨ ᠶᠠᠷᠢᠯᠴᠠᠵᠤ ᠬᠥᠮᠦᠵᠢᠯ ᠬᠢᠬᠦ ᠬᠡᠷᠡᠭᠲᠡᠶ᠃ | ᠶᠢᠰᠦᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠨᠢ ᠪᠡᠯᠴᠢᠭᠡᠷᠯᠡᠭᠦᠯᠬᠦ ᠶᠢ ᠬᠤᠷᠢᠭᠯᠠᠬᠤ᠂ ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠶᠢ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠢᠯᠡᠴᠢᠯᠡᠨ ᠮᠡᠳᠡᠭᠦᠯᠬᠦ ᠤᠲᠠᠰᠤ ᠪᠠᠨ ᠨᠡᠶᠢᠲᠡᠯᠡᠨ ᠢᠯᠡᠴᠢᠯᠡᠨ ᠮᠡᠳᠡᠭᠦᠯᠬᠦ ᠵᠠᠬᠢᠳᠠᠯ ᠤᠨ | ᠬᠠᠶᠢᠷᠴᠠᠭ ᠭᠠᠷᠭᠠᠵᠤ ᠬᠤᠯᠠᠭᠠᠶᠢᠯᠠᠨ ᠮᠠᠯᠵᠢᠬᠤ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠢᠴᠢ ᠠᠵᠢᠯᠲᠠᠨ | ᠠᠵᠢᠯᠴᠢᠨ ᠤ ᠬᠠᠤᠯᠢ ᠬᠡᠷᠡᠭᠵᠢᠭᠦᠯᠦᠭᠰᠡᠨ ᠨᠢ ᠬᠦᠴᠦᠨ ᠦᠭᠡᠢ᠂ ᠭᠤᠤᠯᠴᠢ ᠪᠤᠰᠤ᠂ ᠲᠤᠰᠢᠶᠠᠯ ᠢᠶᠠᠨ | ᠭᠤᠲᠤᠭᠠᠭᠰᠠᠨ ᠵᠡᠷᠭᠡ ᠶᠢᠨ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ | ᠬᠡᠷᠡᠭᠲᠠᠢ᠃ | ᠠᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠬᠤᠷᠢᠭᠯᠠᠬᠤ᠂ | ᠡᠪᠡᠰᠦ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠤᠨ | ᠠᠮᠵᠢᠯᠲᠠ ᠪᠠᠷ ᠳᠤᠪᠤᠶᠢᠮ᠎ᠠ᠂ ᠦᠷ᠎ᠡ ᠪᠦᠲᠦᠮᠵᠢ ᠪᠠᠷ ᠢᠯᠡᠷᠬᠡᠶ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ | ᠬᠥᠬᠢᠭᠦᠯᠦᠨ ᠱᠠᠩᠨᠠᠨ᠎ᠠ᠃ | ᠠᠷᠪᠠᠨ ᠨᠢᠭᠡᠳᠦᠭᠡᠷ ᠵᠤᠷᠪᠤᠰ ᠬᠠᠮᠲᠤ ᠨᠠᠶᠢᠳᠠ ᠪᠠ ᠪᠦᠬᠦ ᠠᠷᠠᠳ ᠢᠶᠠᠷ ᠢᠶᠠᠨ ᠦᠮᠴᠢᠯᠡᠵᠤ ᠪᠠᠶᠢᠬᠤ ᠨᠤᠲᠤᠭ | ᠪᠡᠯᠴᠢᠭᠡᠷ ᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠪᠣᠯᠤᠨ ᠨᠤᠲᠤᠭ ᠪᠡᠯᠴᠢᠭᠡᠷ ᠢ ᠬᠡᠷᠡᠭᠯᠡᠬᠦ ᠡᠷᠬᠡ ᠲᠠᠢ ᠪᠠᠶᠢᠭᠤᠯᠭ᠎ᠠ ᠨᠢᠭᠡᠴᠢ ᠠᠴᠠ ᠨᠤᠲᠤᠭ | ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠯᠦᠭᠡ ᠲᠣᠰ ᠲᠣᠰ ᠪᠡᠯᠴᠢᠭᠡᠷᠯᠡᠭᠦᠯᠬᠦ ᠶᠢ ᠬᠤᠷᠢᠭᠯᠠᠬᠤ ᠬᠠᠷᠢᠭᠤᠴᠠᠯᠭ᠎ᠠ ᠶᠢᠨ | ᠪᠢᠴᠢᠭ ᠪᠤᠶᠤ ᠮᠠᠯ ᠪᠡᠯᠴᠢᠭᠡᠷ ᠢ ᠲᠡᠩᠴᠡᠬᠦᠷᠢᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤᠭᠲᠠᠭᠠᠬᠤ ᠬᠡᠷᠡᠭᠲᠠᠢ᠃ | ᠪᠡᠯᠴᠢᠭᠡᠷᠯᠡᠭᠦᠯᠬᠦ ᠶᠢ ᠬᠤᠷᠢᠭᠯᠠᠬᠤ ᠬᠠᠷᠢᠭᠤᠴᠠᠯᠭ᠎ᠠ ᠶᠢᠨ ᠪᠢᠴᠢᠭ ᠪᠤᠶᠤ ᠮᠠᠯ ᠪᠡᠯᠴᠢᠭᠡᠷ ᠢ ᠲᠡᠩᠴᠡᠬᠦᠷᠢᠲᠠᠢ | ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠢ ᠲᠣᠭᠲᠠᠭᠠᠭᠰᠠᠨ ᠤ ᠳᠠᠷᠠᠭ᠎ᠠ ᠬᠤᠰᠢᠭᠤ ᠣᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠤᠷᠪᠤᠰ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠡᠮᠤᠨ᠎ᠡ ᠲᠠᠪᠤᠨ ᠵᠢᠯ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠣᠰᠣᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ ᠲᠤᠭ᠎ᠠ ᠳᠣᠯᠣᠭᠠᠢ ᠶᠢ ᠪᠣᠳᠣᠬᠤ ᠪᠠᠷᠢᠮᠵᠢᠶ᠎ᠠ︾ ᠶᠢ | ᠦᠨᠳᠦᠰᠦᠯᠡᠨ ᠡᠯ᠎ᠡ ᠲᠥᠷᠥᠯ ᠤᠨ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ ᠲᠤᠭ᠎ᠠ ᠶᠢᠨ | ᠪᠠᠷᠢᠮᠵᠢᠶ᠎ᠠ ᠶᠢ ᠪᠣᠳᠣᠵᠦ ᠲᠤᠬᠠᠶᠢᠯᠠᠪᠠᠯ ᠡᠯ᠎ᠡ ᠨᠤᠲᠤᠭ ᠪᠡᠯᠴᠢᠭᠡᠷᠤᠨ ᠲᠥᠷᠥᠯ ᠨᠢ ᠨᠢᠭᠡ ᠬᠤᠨᠢᠨ ᠨᠢᠭᠡᠴᠢ ᠳᠡᠵᠢᠬᠡᠬᠦ | ᠳᠤ ᠬᠡᠳᠦᠶ ᠮᠦ ᠨᠤᠲᠤᠭ ᠪᠡᠯᠴᠢᠭᠡᠷ ᠬᠡᠷᠡᠭᠰᠡᠬᠦ ᠶᠢ ᠪᠤᠳᠤᠨ᠎ᠠ᠃ | ᠠᠷᠪᠠᠨ ᠭᠤᠷᠪᠠᠳᠤᠭᠠᠷ ᠵᠤᠷᠪᠤᠰ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠨᠤᠲᠤᠭ | ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ ᠲᠤᠭ᠎ᠠ ᠳᠣᠯᠣᠭᠠᠢ ᠶᠢ ᠪᠣᠳᠣᠬᠤ ᠪᠠᠷᠢᠮᠵᠢᠶ᠎ᠠ ᠶᠢ ᠦᠨᠳᠦᠰᠦᠯᠡᠨ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠪᠤᠶᠤ ᠨᠤᠲᠤᠭ ᠪᠡᠯᠴᠢᠭᠡᠷ ᠢ ᠬᠡᠷᠡᠭᠯᠡᠭᠴᠢ ᠶᠢᠨ ᠬᠡᠷᠡᠭᠯᠡᠵᠦ ᠪᠠᠶᠢᠭ᠎ᠠ | ᠪᠠᠶᠢᠭᠠᠯᠢ ᠶᠢᠨ ᠨᠤᠲᠤᠭ ᠪᠡᠯᠴᠢᠭᠡᠷ᠂ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ︵ᠲᠠᠷᠢᠮᠠᠯ ᠪᠡᠯᠴᠢᠭᠡᠷ ᠪᠠᠭᠲᠠᠨ᠎ᠠ︶ | ᠵᠢᠴᠢ ᠡᠪᠡᠰᠦ ᠪᠣᠷᠳᠣᠭᠠᠨ ᠤ ᠪᠤᠰᠤᠳ ᠢᠷᠡᠯᠲᠡ ᠶᠢᠨ ᠶᠤᠰᠤᠭᠠᠷ ᠨᠢ ᠡᠷᠤᠬᠡ ᠨᠢᠭᠡᠪᠦᠷᠢ ᠶᠢᠨ ᠮᠠᠯᠴᠢᠨ ᠲᠠᠷᠢᠶᠠᠴᠢᠨ | ᠤ ᠨᠤᠲᠤᠭ ᠪᠡᠯᠴᠢᠭᠡᠷ ᠤᠨ ᠳᠠᠭᠠᠭᠠᠴᠠ ᠳᠤ ᠲᠤᠬᠢᠷᠠᠬᠤ ᠮᠠᠯ ᠤᠨ ᠲᠤᠭ᠎ᠠ ᠳᠣᠯᠣᠭᠠᠢ ᠶᠢ ᠬᠢᠨᠠᠨ ᠲᠣᠭᠲᠠᠭᠠᠬᠤ | ᠬᠡᠷᠡᠭᠲᠡᠶ᠃ | ᠠᠷᠪᠠᠨ ᠳᠥᠷᠪᠡᠳᠦᠭᠡᠷ ᠵᠤᠷᠪᠤᠰ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠨᠢ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠪᠠᠷ | ᠬᠢᠨᠠᠨ ᠲᠤᠭᠲᠠᠭᠠᠭᠰᠠᠨ ᠲᠤᠭ᠎ᠠ ᠶᠢ ᠨᠤᠲᠤᠭ ᠪᠡᠯᠴᠢᠭᠡᠷ ᠤᠨ ᠥᠮᠴᠢᠯᠡᠭᠴᠢ᠂ ᠬᠡᠷᠡᠭᠯᠡᠭᠴᠢ ᠪᠣᠯᠤᠨ ᠳᠠᠭᠠᠭᠠᠴᠢᠯᠠᠨ | ᠡᠵᠡᠩᠨᠡᠭᠴᠢ ᠳᠤ ᠭᠤᠷᠪᠠᠨ ᠵᠢᠯ ᠳᠤ ᠨᠢᠭᠡ ᠤᠳᠠᠭ᠎ᠠ ᠨᠡᠶᠢᠲᠡᠯᠡᠬᠦ ᠬᠡᠷᠡᠭᠲᠡᠶ᠃ | ᠠᠷᠪᠠᠨ ᠲᠠᠪᠤᠳᠤᠭᠠᠷ ᠵᠤᠷᠪᠤᠰ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ | ᠳᠠᠭᠠᠭᠠᠴᠠ ᠶᠢᠨ ᠪᠠᠷᠢᠮᠵᠢᠶ᠎ᠠ ᠶᠢ ᠲᠣᠭᠲᠠᠭᠠᠬᠤ ᠪᠤᠶᠤ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ | ᠲᠤᠭ᠎ᠠ ᠳᠣᠯᠣᠭᠠᠢ ᠶᠢ ᠬᠢᠨᠠᠨ ᠲᠣᠭᠲᠠᠭᠠᠬᠤ ᠳᠠᠭᠠᠨ ᠨᠤᠲᠤᠭ ᠪᠡᠯᠴᠢᠭᠡᠷ ᠢ ᠬᠡᠷᠡᠭᠯᠡᠭᠴᠢ ᠪᠠ ᠳᠠᠭᠠᠭᠠᠴᠢᠯᠠᠨ | ᠡᠵᠡᠩᠨᠡᠭᠴᠢ ᠶᠢᠨ ᠰᠠᠨᠠᠯ ᠢ ᠭᠦᠢᠴᠡᠳ ᠰᠣᠨᠣᠰᠬᠤ ᠬᠡᠷᠡᠭᠲᠡᠢ᠃ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠨᠤᠲᠠᠯᠠᠭᠤᠯᠵᠤ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯ ᠤᠨ ᠲᠤᠭ᠎ᠠ ᠶᠢᠨ ᠪᠠᠷᠢᠮᠵᠢᠶ᠎ᠠ | ᠪᠣᠯᠤᠨ ᠨᠤᠲᠤᠭ ᠪᠡᠯᠴᠢᠭᠡᠷ ᠤᠨ ᠳᠠᠭᠠᠭᠠᠴᠠ ᠳᠤ ᠲᠣᠬᠢᠷᠠᠬᠤ ᠮᠠᠯᠤᠨ ᠲᠤᠭ᠎ᠠ ᠶᠢ ᠬᠢᠨᠠᠨ ᠲᠤᠭᠲᠠᠭᠠᠬᠤ ᠰᠢᠨᠵᠢᠯᠡᠬᠦ | ᠤᠬᠠᠭᠠᠨᠴᠢ ᠴᠢᠨᠠᠷ ᠪᠣᠯᠤᠨ ᠵᠦᠶ ᠵᠣᠬᠢᠰᠲᠠᠶ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠮᠠᠯ ᠪᠡᠯᠴᠢᠭᠡᠷ ᠤᠨ ᠲᠡᠩᠴᠡᠭᠦᠷᠢ ᠶᠢ ᠬᠢᠨᠠᠨ ᠲᠣᠭᠲᠠᠭᠠᠬᠤ ᠳᠤ ᠳᠣᠤᠷᠠᠬᠢ | ᠵᠣᠶᠢᠯᠡᠰ ᠪᠠᠭᠲᠠᠨ᠎ᠠ | ︵ᠨᠢᠭᠡ︶ ᠪᠠᠶᠢᠭᠠᠯᠢ ᠶᠢᠨ ᠨᠤᠲᠤᠭ ᠪᠡᠯᠴᠢᠭᠡᠷ ᠤᠨ ᠲᠥᠷᠥᠯ᠂ ᠳᠡᠰ᠂ ᠲᠠᠯᠠᠪᠠᠢ᠂ ᠡᠪᠡᠰᠦᠨ ᠤ ᠤᠨᠠᠯᠳᠠ ᠶᠢᠨ | ᠬᠡᠮᠵᠢᠶ᠎ᠡ᠃ | ︵ᠬᠤᠶᠠᠷ︶ ᠲᠠᠷᠢᠮᠠᠯ ᠪᠡᠯᠴᠢᠭᠡᠷ᠂ ᠲᠡᠵᠢᠭᠡᠯ ᠡᠪᠡᠰᠦ ᠪᠣᠷᠳᠣᠭᠠᠨ ᠤ ᠭᠠᠵᠠᠷ ᠤᠨ ᠲᠠᠯᠠᠪᠠᠢ᠂ ᠲᠡᠵᠢᠭᠡᠯ ᠡᠪᠡᠰᠦ | ᠪᠣᠷᠳᠣᠭᠠᠨ ᠤ ᠤᠨᠠᠯᠳᠠ ᠶᠢᠨ ᠬᠡᠮᠵᠢᠶ᠎ᠡ᠃ | ︵ᠭᠤᠷᠪᠠ︶ ᠲᠣᠭᠲᠠᠭᠤᠨ ᠢᠷᠡᠯᠲᠡ ᠲᠠᠢ ᠪᠤᠰᠤᠳ ᠲᠡᠵᠢᠭᠡᠯ ᠡᠪᠡᠰᠦ ᠪᠣᠷᠳᠣᠭᠠᠨ ᠤ ᠬᠡᠮᠵᠢᠶ᠎ᠡ᠃ | ︵ᠳᠥᠷᠪᠡ︶ ᠲᠡᠵᠢᠭᠡᠵᠦ ᠪᠣᠯᠬᠤ ᠲᠡᠵᠢᠭᠡᠯ ᠡᠪᠡᠰᠦ ᠪᠣᠷᠳᠣᠭᠠᠨ ᠤ ᠶᠡᠷᠦᠩᠬᠡᠶ ᠬᠡᠮᠵᠢᠶ᠎ᠡ ᠶᠢ ᠦᠨᠳᠦᠰᠦᠯᠡᠨ | ᠪᠣᠳᠣᠭᠰᠠᠨ ᠨᠤᠲᠤᠭ ᠪᠡᠯᠴᠢᠭᠡᠷ ᠤᠨ ᠳᠠᠭᠠᠭᠠᠴᠠ ᠳᠤ ᠲᠤᠬᠢᠷᠠᠬᠤ ᠮᠠᠯ ᠤᠨ ᠲᠤᠭ᠎ᠠ ᠳᠣᠯᠣᠭᠠᠢ᠃ | ︵ᠲᠠᠪᠤ︶ ᠪᠣᠳᠠᠲᠠᠶ ᠳᠡᠵᠢᠬᠡᠨ ᠮᠠᠯᠵᠢᠵᠦ ᠪᠠᠶᠢᠬᠤ ᠮᠠᠯ ᠤᠨ ᠲᠥᠷᠥᠯ ᠪᠣᠯᠤᠨ ᠲᠤᠭ᠎ᠠ ᠳᠣᠯᠣᠭᠠᠢ᠃ | ︵ᠵᠢᠷᠭᠤᠭ᠎ᠠ︶ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠭᠰᠠᠨ᠂ ᠪᠦᠲᠦᠭᠡᠨ ᠪᠠᠶᠢᠭᠤᠯᠤᠭᠰᠠᠨ᠂ | ᠠᠰᠢᠭᠯᠠᠭᠰᠠᠨ ᠪᠠᠶᠢᠳᠠᠯ ᠪᠠ ᠡᠯᠡᠰᠦᠷᠬᠡᠭᠵᠢᠭᠰᠡᠨ᠂ ᠮᠠᠭᠤᠳᠠᠭᠰᠠᠨ ᠣᠳᠣᠬᠢ ᠪᠠᠶᠢᠳᠠᠯ᠃ | ᠠᠷᠪᠠᠨ ᠳᠣᠯᠣᠳᠤᠭᠠᠷ ᠵᠤᠷᠪᠤᠰ ᠨᠤᠲᠤᠭ ᠪᠡᠯᠴᠢᠭᠡᠷ ᠤᠨ ᠬᠡᠷᠡᠭᠯᠡᠭᠴᠢ ᠪᠤᠶᠤ ᠳᠠᠭᠠᠭᠠᠴᠢᠯᠠᠨ ᠡᠵᠡᠩᠨᠡᠭᠴᠢ | ᠡᠪᠡᠰᠦ ᠪᠣᠷᠳᠤᠭ᠎ᠠ ᠶᠢᠨ ᠬᠡᠮᠵᠢᠶ᠎ᠡ ᠨᠡᠮᠡᠭᠳᠡᠭᠰᠡᠨ ᠠᠴᠠ ᠪᠣᠯᠵᠤ ᠤᠤᠯ ᠤᠨ ᠬᠢᠨᠠᠨ ᠲᠣᠭᠲᠠᠭᠠᠭᠰᠠᠨ ᠮᠠᠯ ᠤᠨ | ᠲᠤᠭ᠎ᠠ ᠶᠢᠨ ᠰᠠᠭᠤᠷᠢᠨ ᠳᠡᠭᠡᠷ᠎ᠡ ᠳᠡᠵᠢᠬᠡᠨ ᠮᠠᠯᠵᠢᠬᠤ ᠮᠠᠯ ᠤᠨ ᠲᠤᠭ᠎ᠠ ᠳᠣᠯᠣᠭᠠᠢ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠵᠦ ᠪᠣᠯᠤᠨ᠎ᠠ᠃ | ᠠᠷᠪᠠᠨ ᠨᠠᠢᠮᠠᠳᠤᠭᠠᠷ ᠵᠤᠷᠪᠤᠰ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠵᠢᠯ ᠪᠦᠷᠢ ᠮᠠᠯ ᠪᠡᠯᠴᠢᠭᠡᠷ ᠤᠨ ᠲᠡᠩᠴᠡᠭᠦᠷᠢ ᠶᠢᠨ ᠪᠠᠶᠢᠳᠠᠯ ᠢ ᠰᠤᠭᠤᠴᠢᠨ ᠪᠠᠶᠢᠴᠠᠭᠠᠨ᠎ᠠ᠃ | ᠪᠠᠶᠢᠴᠠᠭᠠᠬᠤ ᠭᠤᠤᠯ ᠠᠭᠤᠯᠭ᠎ᠠ ᠳᠤ ᠳᠣᠤᠷᠠᠬᠢ ᠵᠦᠢᠯᠡᠰ ᠪᠠᠭᠲᠠᠨ᠎ᠠ᠃ | ︵ᠨᠢᠭᠡ︶ ᠪᠠᠶᠢᠭᠠᠯᠢ ᠶᠢᠨ ᠨᠤᠲᠤᠭ ᠪᠡᠯᠴᠢᠭᠡᠷ ᠤᠨ ᠦᠢᠯᠡᠳᠪᠤᠷᠢᠯᠡᠯ ᠤᠨ ᠪᠠᠶᠢᠳᠠᠯ ᠤᠨ ᠬᠡᠮᠵᠢᠨ | ᠳᠣᠭᠳᠠᠭᠠᠯᠳᠠ ᠪᠠ ᠦᠨᠡᠯᠡᠨ ᠵᠢᠱᠢᠯᠳᠠ᠃ | ︵ᠬᠤᠶᠠᠷ︶ ᠲᠡᠵᠢᠭᠡᠯ ᠡᠪᠡᠰᠦ ᠪᠣᠷᠳᠤᠭ᠎ᠠ ᠶᠢᠨ ᠶᠡᠷᠦᠩᠬᠡᠶ ᠬᠡᠮᠵᠢᠶ᠎ᠡ ᠶᠢᠨ ᠲᠥᠰᠦᠭᠡᠯᠡᠨ ᠪᠣᠳᠣᠯᠳᠠ᠂ | ᠲᠤᠬᠠᠶᠢᠯᠠᠪᠠᠯ ᠲᠤᠬᠠᠶ ᠶᠢᠨ ᠵᠢᠯ ᠤᠨ ᠪᠠᠶᠢᠭᠠᠯᠢ ᠶᠢᠨ ᠨᠤᠲᠤᠭ ᠪᠡᠯᠴᠢᠭᠡᠷ᠂ ᠲᠠᠷᠢᠮᠠᠯ ᠪᠡᠯᠴᠢᠭᠡᠷ ᠪᠣᠯᠤᠨ ᠲᠡᠵᠢᠭᠡᠯ | ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠵᠢᠴᠢ ᠪᠤᠰᠤᠳ ᠢᠷᠡᠯᠲᠡ ᠶᠢᠨ ᠲᠡᠵᠢᠭᠡᠯ ᠡᠪᠡᠰᠦ ᠪᠣᠷᠳᠤᠭ᠎ᠠ ᠶᠢᠨ | ᠬᠡᠮᠵᠢᠶ᠎ᠡ ᠶᠢᠨ ᠨᠡᠶᠢᠯᠡᠪᠦᠷᠢ ᠪᠣᠯᠤᠨ᠎ᠠ᠃ | ︵ᠭᠤᠷᠪᠠ︶ ᠮᠠᠯ ᠤᠨ ᠲᠤᠭ᠎ᠠ ᠶᠢᠨ ᠬᠢᠨᠠᠨ ᠪᠠᠶᠢᠴᠠᠭᠠᠯᠳᠠ᠃ | ᠠᠷᠪᠠ ᠶᠢᠰᠦᠳᠦᠭᠡᠷ ᠵᠤᠷᠪᠤᠰ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠮᠠᠯᠴᠢᠨ | ᠲᠠᠷᠢᠶᠠᠴᠢᠨ ᠢ ᠲᠤᠰᠬᠠᠶ ᠬᠤᠷᠰᠢᠶᠠᠵᠢᠯ ᠳᠤ ᠣᠷᠣᠯᠴᠠᠭᠤᠯᠬᠤ ᠶᠢ ᠬᠥᠲᠥᠯᠥᠨ ᠵᠢᠯᠣᠭᠤᠳᠴᠤ᠂ ᠵᠣᠷᠢᠭᠵᠢᠭᠤᠯᠵᠤ᠂ | ᠳᠠᠮᠵᠢᠵᠤ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠳᠠᠴᠢᠯᠠᠬᠤ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠬᠦᠯᠦᠨ ᠬᠤᠨᠢ ᠮᠠᠯ ᠤᠨ ᠪᠤᠷᠤᠯᠠᠭᠤᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠬᠠᠷᠠᠯᠲᠠ ᠳᠤ ᠬᠦᠷᠦᠭᠦᠯᠦᠨ᠎ᠡ᠃ | ᠬᠤᠷᠢᠳᠤᠭᠠᠷ ᠵᠤᠷᠪᠤᠰ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠪᠤᠶᠤ ᠬᠡᠷᠡᠭᠯᠡᠭᠴᠢ ᠨᠢ | ᠪᠡᠯᠴᠢᠭᠡᠷᠯᠡᠬᠦᠯᠬᠦ ᠶᠢ ᠬᠤᠷᠢᠭᠯᠠᠬᠤ᠂ ᠡᠪᠡᠰᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠶ ᠬᠦᠢᠴᠡᠳᠬᠡᠬᠦ ᠬᠡᠷᠡᠭᠲᠡᠶ᠃ | ᠪᠡᠯᠴᠢᠭᠡᠷᠯᠡᠬᠦᠯᠬᠦ ᠶᠢ ᠬᠤᠷᠢᠭᠯᠠᠬᠤ᠂ ᠡᠪᠡᠰᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠲᠤᠬᠠᠶ ᠲᠣᠭᠲᠠᠭᠠᠯ ᠢ ᠵᠥᠷᠢᠴᠡᠵᠦ ᠨᠤᠲᠤᠭ ᠪᠡᠯᠴᠢᠭᠡᠷ ᠳᠡᠭᠡᠷ᠎ᠡ ᠮᠠᠯ ᠬᠠᠷᠢᠭᠤᠯᠬᠤ ᠪᠤᠶᠤ | ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠭᠰᠠᠳ ᠢ ᠬᠤᠰᠢᠭᠤ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠳᠠ ᠶᠢᠨ ᠳᠦᠷᠢᠮ︾ ᠤᠨ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠶᠢᠳᠪᠤᠷᠢᠯᠡᠬᠦ ᠬᠡᠷᠡᠭᠲᠡᠶ᠃ ᠡᠭᠦᠨ ᠤ ᠬᠠᠮᠲᠤ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠶ ᠰᠢᠭᠤᠶ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾᠂ | ︽ᠦᠤᠰᠢᠨ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠦᠭᠴᠣ | ᠱᠠᠩᠨᠠᠬᠤ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2016 — 2020 ᠣᠨ︶︾ ᠤᠨ | ᠬᠠᠮᠢᠶ᠎ᠠ ᠪᠥᠬᠦᠶ ᠲᠣᠭᠲᠠᠭᠠᠯ ᠶᠣᠰᠣᠭᠠᠷ ᠮᠠᠯ ᠤᠨ ᠡᠵᠡᠨ ᠤ 40% ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠦᠬᠦᠪᠦᠷᠢ ᠦᠭᠴᠣ ᠱᠠᠩᠨᠠᠬᠤ ᠪᠠᠯᠠ ᠮᠥᠩᠭᠦ ᠶᠢ ᠬᠠᠰᠤᠨ᠎ᠠ ︵ᠪᠤᠶᠤ ᠤᠯᠭᠤᠬᠤ ᠦᠬᠡᠢ︶᠃ | ᠬᠤᠷᠢᠨ ᠨᠢᠭᠡᠳᠦᠭᠡᠷ ᠵᠤᠷᠪᠤᠰ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ | ᠬᠤᠷᠢᠭᠯᠠᠬᠤ᠂ ᠡᠪᠡᠰᠤ ᠪᠡᠯᠴᠢᠬᠡᠷ ᠢ ᠰᠡᠷᠭᠦᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ | ᠱᠠᠭᠠᠷᠳᠠᠯᠭ᠎ᠠ ᠶᠣᠰᠣᠭᠠᠷ ᠮᠠᠯ ᠪᠡᠯᠴᠢᠭᠡᠷ ᠤᠨ ᠲᠡᠩᠴᠡᠭᠦᠷᠢ ᠶᠢ ᠬᠢᠨᠠᠨ ᠲᠣᠭᠲᠠᠭᠠᠬᠤ ᠡᠭᠦᠷᠭᠡ ᠶᠢ ᠪᠡᠶᠡᠯᠡᠭᠦᠯᠦᠭᠰᠡᠨ | ᠥᠬᠡᠶ ᠪᠣᠯ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠣᠰ ᠵᠢᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠨᠥᠬᠦᠪᠥᠷᠢ ᠦᠭᠴᠣ | ᠱᠠᠩᠨᠠᠬᠤ ᠪᠠᠯᠠ ᠮᠥᠩᠭᠦ ᠶᠢ ᠬᠢᠨᠠᠨ ᠬᠠᠰᠤᠨ᠎ᠠ᠃ | ᠬᠤᠷᠢᠨ ᠬᠤᠶᠠᠳᠤᠭᠠᠷ ᠵᠤᠷᠪᠤᠰ ᠬᠤᠰᠢᠭᠤ ᠡᠳ᠋ ᠤᠨ ᠵᠠᠰᠠᠭ᠂ ᠣᠶ ᠰᠢᠭᠤᠶ ᠨᠤᠲᠤᠭ ᠪᠡᠯᠴᠢᠭᠡᠷ᠂ ᠮᠠᠯ | ᠲᠠᠷᠢᠶᠠᠯᠠᠩ ᠠᠵᠤ ᠠᠬᠤᠶ ᠶᠢᠨ ᠰᠠᠯᠠᠭ᠎ᠠ ᠮᠥᠴᠢᠷ ᠪᠡᠯᠴᠢᠭᠡᠷᠯᠡᠬᠦᠯᠬᠦ ᠶᠢ ᠬᠤᠷᠢᠭᠯᠠᠬᠤ᠂ ᠡᠪᠡᠰᠦ ᠪᠡᠯᠴᠢᠬᠡᠷ ᠢ | ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠲᠤᠭᠲᠠᠴᠠ ᠶᠢ ᠨᠠᠶᠢᠳᠠᠪᠤᠷᠢᠵᠢᠭᠤᠯᠵᠦ ᠬᠠᠮᠢᠶ᠎ᠠ ᠪᠦᠬᠦᠢ | ᠪᠡᠯᠡ ᠮᠥᠩᠭᠦ ᠣᠯᠭᠤᠬᠤ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠨᠥᠬᠦᠪᠥᠷᠢ ᠦᠭᠴᠣ ᠱᠠᠩᠨᠠᠬᠤ ᠪᠡᠯᠡ | ᠮᠥᠩᠭᠦ ᠶᠢ ᠣᠯᠭᠤᠬᠤ ᠶᠢ ᠪᠡᠯᠴᠢᠭᠡᠷᠯᠡᠬᠦᠯᠬᠦ ᠶᠢ ᠬᠤᠷᠢᠭᠯᠠᠬᠤ᠂ ᠡᠪᠡᠰᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠭᠡᠷ ᠢ | ᠲᠡᠩᠴᠡᠭᠦᠷᠢᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠬᠤᠯᠪᠣᠭᠳᠠᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠬᠦᠯᠬᠦ ᠶᠢ | ᠬᠤᠷᠢᠭᠯᠠᠬᠤ᠂ ᠡᠪᠡᠰᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠪᠠᠶᠢᠭᠤᠯᠤᠮᠵᠢ ᠪᠣᠯᠤᠨ ᠠᠵᠢᠯᠲᠠᠨ ᠠᠵᠢᠯᠴᠢᠨ ᠳᠤ ᠲᠠᠯᠪᠢᠬᠤ ᠬᠢᠨᠠᠯᠲᠠ | ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠲᠡᠶ᠃ | ᠪᠡᠯᠴᠢᠭᠡᠷᠯᠡᠬᠦᠯᠬᠦ ᠶᠢ ᠬᠤᠷᠢᠭᠯᠠᠬᠤ᠂ ᠡᠪᠡᠰᠦ ᠪᠡᠯᠴᠢᠬᠡᠷ ᠢ ᠰᠡᠷᠬᠦᠬᠡᠬᠦ ᠪᠠ ᠮᠠᠯ ᠪᠡᠯᠴᠢᠭᠡᠷ ᠢ ᠲᠡᠩᠴᠡᠭᠦᠷᠢᠲᠠᠢ | ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠦ ᠪᠠᠶᠢᠭ᠎ᠠ ᠠᠵᠢᠯᠲᠠᠨ ᠠᠵᠢᠯᠴᠢᠳ ᠡᠭᠦᠷᠭᠡ ᠲᠤᠰᠢᠶᠠᠯ ᠳᠠᠭᠠᠨ ᠦᠨᠡᠨᠴᠢ | ᠰᠢᠳᠤᠷᠭᠤ ᠪᠠᠶᠢᠵᠤ᠂ ᠬᠠᠤᠯᠢ ᠶᠢ ᠭᠤᠤᠯᠴᠢ ᠪᠠᠷ ᠬᠡᠷᠡᠭᠵᠢᠭᠦᠯᠬᠦ ᠬᠡᠷᠡᠭᠲᠡᠶ᠃ ᠠᠵᠢᠯᠲᠠᠨ ᠠᠵᠢᠯᠴᠢᠨ ᠡᠭᠦᠷᠭᠡ | ᠲᠤᠰᠢᠶᠠᠯ ᠳᠠᠭᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠢᠨᠠᠯᠳᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠳᠠᠯ᠎ᠠ ᠪᠠᠶᠢᠴᠠᠭᠠᠨ ᠰᠢᠳᠬᠡᠬᠦ ᠦᠭᠡᠢ᠂ ᠬᠤᠷᠢᠭᠯᠠᠨ ᠵᠣᠭᠰᠣᠭᠠᠬᠤ | ᠦᠭᠡᠢ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ | ᠪᠠᠶᠢᠪᠠᠯ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠤᠷᠪᠤᠰ ᠲᠣᠰ ᠠᠷᠭ᠎ᠠ ᠨᠢ ᠬᠡᠷᠪᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ᠂ ᠳᠡᠭᠡᠳᠣ ᠱᠠᠲᠤᠨ ᠤ ᠲᠥᠷᠥ ᠶᠢᠨ ᠪᠣᠳᠣᠯᠭ᠎ᠠ ᠲᠠᠢ ᠬᠠᠷᠰᠢᠯᠳᠤᠭᠰᠠᠨ ᠪᠠᠶᠢᠪᠠᠯ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ | ᠬᠤᠷᠢᠨ ᠲᠠᠪᠤᠳᠤᠭᠠᠷ ᠵᠤᠷᠪᠤᠰ ᠳᠣᠰ ᠠᠷᠭ᠎ᠠ ᠶᠢᠨ ᠠᠷᠪᠠᠨ ᠬᠤᠶᠠᠳᠣᠭᠠᠷ ᠵᠣᠷᠪᠣᠰ ᠳᠠᠬᠢ ︽ᠬᠤᠨᠢᠨ ᠨᠢᠬᠡᠴᠢ | ︾ ᠨᠢ ᠬᠤᠨᠢ ᠮᠠᠯ ᠤᠨ ᠳᠣᠭᠠᠨ ᠤ ᠨᠢᠬᠡᠴᠢ ᠪᠣᠯᠣᠨ᠎ᠠ᠃ ᠨᠢᠬᠡ ᠬᠤᠨᠢ ᠨᠢ ᠨᠢᠬᠡ ᠬᠤᠨᠢᠨ ᠨᠢᠬᠡᠴᠢ ᠲᠠᠢ ᠳᠠᠩᠴᠡᠵᠣ | ᠨᠢᠬᠡ ᠦᠬᠡᠷ ᠨᠢ ᠳᠠᠪᠣᠨ ᠬᠤᠨᠢᠨ ᠨᠢᠬᠡᠴᠢ ᠲᠠᠢ ᠳᠡᠩᠴᠡᠨ ᠨᠢᠬᠡ ᠮᠣᠷᠢ ᠨᠢ ᠵᠢᠷᠭᠤᠭᠠᠨ ᠬᠤᠨᠢᠨ ᠨᠢᠬᠡᠴᠢ ᠲᠠᠢ | ᠳᠠᠩᠴᠡᠵᠣ ᠨᠢᠭᠡ ᠡᠯᠵᠢᠬᠡ ᠨᠢ ᠭᠤᠷᠪᠠᠨ ᠬᠤᠨᠢᠨ ᠨᠢᠬᠡᠴᠢ ᠲᠠᠢ ᠳᠠᠩᠴᠡᠠ ᠨᠢᠬᠡ ᠯᠠᠭᠤᠰᠠ ᠨᠢ ᠳᠠᠪᠣᠨ ᠬᠤᠨᠢᠨ | ᠨᠢᠬᠡᠴᠢ ᠲᠠᠢ ᠳᠠᠩᠴᠡᠵᠣ ᠨᠢᠬᠡ ᠳᠡᠮᠡᠭᠡ ᠨᠢ ᠳᠣᠯᠣᠭᠠᠨ ᠬᠤᠨᠢᠨ ᠨᠢᠬᠡᠴᠢ ᠲᠠᠢ ᠳᠠᠩᠴᠡᠨᠠ᠃ | ᠬᠤᠷᠢᠨ ᠵᠢᠷᠭᠤᠳᠤᠭᠠᠷ ᠵᠤᠷᠪᠤᠰ ᠲᠣᠰ ᠠᠷᠭ᠎ᠠ ᠶᠢ ᠦᠤᠰᠢᠨ ᠬᠤᠰᠢᠭᠤᠨ ᠤ ᠣᠢ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠳᠣᠯᠣᠳᠣᠭᠠᠷ ᠵᠣᠷᠪᠣᠰ ᠲᠣᠰ ᠠᠷᠭ᠎ᠠ ᠶᠢ 2017 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠭᠡᠷᠡᠭᠵᠢᠬᠦᠯᠪᠠ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | | |