︽ᠬᠠᠮᠤᠭ ᠭᠤᠶᠣ ᠭᠡᠷ ᠪᠦᠯᠢ︾ ᠶᠢ ᠨᠡᠶᠢᠳᠡᠯᠡᠬᠦ ᠶᠣᠰᠣᠯᠠᠯ ᠵᠢᠴᠢ ︽ᠠᠶᠢᠯ ᠬᠤᠳᠠᠯᠠᠭᠠᠷ ᠢᠶᠠᠨ ᠬᠠᠶᠢᠷ᠎ᠠ ᠬᠠᠯᠠᠮᠵᠢ ᠪᠠᠨ ᠳᠡᠪᠰᠢᠬᠦᠯᠵᠦ᠂ ᠣᠯᠣᠰ ᠬᠡᠷ ᠤᠨ ᠬᠦᠰᠡᠯ ᠢ ᠬᠠᠮᠳᠣᠪᠠᠷ ᠴᠣᠭᠴᠠᠯᠠᠬᠤ︾ ᠬᠡᠷ ᠤᠨ ᠰᠣᠷᠳᠠᠯ ᠬᠡᠷ ᠤᠨ ᠰᠣᠷᠭᠠᠯ ᠤᠨ ᠣᠬᠠᠭᠤᠯᠭ᠎ᠠ ᠶᠢᠨ ᠠᠵᠢᠯᠯᠠᠭ᠎ᠠ ᠰᠦᠯᠳᠡ ᠰᠣᠮᠣᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2020-06-19
     6 ᠰᠠᠷ᠎ᠠ ᠶᠢᠨ 16 ᠳᠤ᠂ ᠮᠠᠨ ᠤ ᠬᠤᠰᠢᠭᠤᠨ ᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ︽ᠬᠠᠮᠤᠭ ᠭᠤᠶᠣ ᠭᠡᠷ ᠪᠦᠯᠢ︾ ᠶᠢ ᠨᠡᠶᠢᠳᠡᠯᠡᠬᠦ ᠶᠣᠰᠣᠯᠠᠯ ᠵᠢᠴᠢ ︽ᠠᠶᠢᠯ ᠬᠤᠳᠠᠯᠠᠭᠠᠷ ᠢᠶᠠᠨ ᠬᠠᠶᠢᠷ᠎ᠠ ᠬᠠᠯᠠᠮᠵᠢ ᠪᠠᠨ ᠳᠡᠪᠰᠢᠬᠦᠯᠵᠦ᠂ ᠣᠯᠣᠰ ᠬᠡᠷ ᠤᠨ ᠬᠦᠰᠡᠯ ᠢ ᠬᠠᠮᠳᠣᠪᠠᠷ ᠴᠣᠭᠴᠠᠯᠠᠬᠤ︾ ᠬᠡᠷ ᠤᠨ ᠰᠣᠷᠳᠠᠯ ᠬᠡᠷ ᠤᠨ ᠬᠦᠮᠦᠵᠢᠯ  ᠤᠨ ᠣᠬᠠᠭᠤᠯᠭ᠎ᠠ ᠶᠢᠨ ᠠᠵᠢᠯᠯᠠᠭ᠎ᠠ ᠰᠦᠯᠳᠡ ᠰᠣᠮᠣᠨ ᠳᠤ ᠶᠠᠪᠣᠭᠳᠠᠯ᠎ᠠ᠃
     ᠠᠵᠢᠯᠯᠠᠭᠠᠨ ᠢᠶᠠᠷ᠂ ᠬᠤᠳᠠ ᠶᠢᠨ ᠳᠡᠰ ᠤᠨ ︽3.8 ᠶᠢᠨ ᠣᠯᠠᠭᠠᠨ ᠳᠣᠭᠴᠢ︾ ᠨᠢᠬᠡ ᠨᠡᠷ᠎ᠡ᠂ ᠬᠤᠰᠢᠭᠤ ᠳᠡᠰ ᠤᠨ ︽ᠬᠠᠮᠤᠭ ᠭᠤᠶᠣ ᠬᠡᠷ ᠪᠦᠯᠢ︾ 6 ᠡᠷᠦᠬᠡ᠂ ᠬᠤᠰᠢᠭᠤ ᠳᠡᠰ ᠤᠨ ︽ᠰᠠᠶᠢᠨ ᠬᠠᠳᠠᠮ ᠡᠵᠢ︾᠂ ︽ᠰᠠᠶᠢᠨ ᠪᠡᠷᠢ︾ ᠳᠣᠰᠪᠣᠷᠢ ᠨᠢᠬᠡ ᠨᠡᠷ᠎ᠡ᠂ ᠰᠣᠮᠣᠨ ᠳᠡᠰ ᠤᠨ ᠳᠡᠷᠢᠬᠦᠨ ᠤ ᠨᠢᠬᠡᠴᠢ ᠳᠦᠷᠪᠡ᠂ ︽ᠡᠷᠡᠬᠦᠯ ᠴᠢᠬᠢᠷᠠᠭ ᠬᠡᠷ ᠪᠦᠯᠢ︾ 15 ᠡᠷᠦᠬᠡ᠂ ︽3.8 ᠶᠢᠨ ᠣᠯᠠᠭᠠᠨ ᠳᠣᠭᠴᠢ︾᠂ ︽ᠰᠣᠳᠣᠨ ᠭᠠᠪᠢᠶᠠᠲᠣ ᠡᠮᠡᠭᠳᠡᠶᠢᠴᠣᠳ ᠤᠨ ᠵᠢᠱᠢᠶᠡᠴᠢ︾᠂ ︽ᠬᠢᠵᠢᠭ ᠢ ᠡᠰᠡᠷᠬᠦᠴᠡᠭᠰᠡᠨ ᠡᠮᠡᠭᠳᠡᠢ ᠰᠠᠶᠢᠨ ᠳᠣᠷᠠᠴᠣᠳ ᠤᠨ ᠵᠢᠰᠢᠶᠡᠴᠢ︾ ᠵᠡᠷᠬᠡ ᠬᠤᠷᠢᠨ ᠬᠦᠮᠦᠨ ᠢ ᠱᠠᠩᠨᠠᠨ ᠬᠦᠬᠢᠬᠦᠯᠪᠡ᠃
      ᠠᠵᠢᠯᠯᠠᠭᠠᠨ ᠲᠡᠭᠡᠷ᠎ᠡ᠂ ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠠᠴᠠ ︽ᠦᠪᠦᠷ ᠮᠣᠩᠭᠤᠯ  ᠤᠨ ᠦᠪᠡᠷᠳᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠳᠦᠷᠢᠮ︾᠂ ︽ᠬᠤᠣᠷ ᠴᠠᠭᠠᠵᠠᠯᠠᠬᠤ ᠬᠠᠣᠯᠢ︾ ᠵᠡᠷᠬᠡ ᠬᠠᠮᠢᠶ᠎ᠠ ᠪᠦᠬᠦᠢ ᠬᠠᠣᠯᠢ ᠳᠦᠷᠢᠮ ᠤᠨ ᠭᠠᠷ ᠠᠪᠣᠯᠭ᠎ᠠ ᠶᠢ ᠬᠤᠪᠢᠶᠠᠨ ᠳᠠᠷᠬᠠᠭᠠᠵᠦ ᠬᠠᠮᠢᠶ᠎ᠠ ᠪᠦᠬᠦᠢ ᠬᠠᠣᠯᠢ ᠳᠦᠷᠢᠮ ᠤᠨ ᠮᠡᠳᠡᠯᠬᠡ ᠶᠢ ᠣᠬᠠᠭᠤᠯᠣᠨ ᠳᠠᠶᠢᠯᠪᠣᠷᠢᠯᠠᠭᠰᠠᠨ ᠪᠠᠶᠢᠨ᠎ᠠ᠃ ᠰᠦᠯᠳᠡ ᠰᠣᠮᠣᠨ  ᠤ ᠡᠮᠡᠭᠳᠡᠢ ᠺᠠᠳ᠋ᠷ ᠠᠵᠢᠯᠳᠠᠨ᠂ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤᠨ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠳᠡᠷᠢᠬᠦᠯᠡᠭᠴᠢ᠂ ᠱᠠᠩᠨᠠᠯ ᠬᠦᠷᠳᠡᠭᠰᠡᠨ ᠬᠠᠮᠲᠣ ᠨᠢᠬᠡᠴᠢ᠂ ᠬᠤᠪᠢ ᠬᠦᠮᠦᠨ᠂ ᠬᠡᠷ ᠪᠦᠯᠢ  ᠶᠢᠨ ᠬᠢᠨ ᠠᠵᠢᠯᠯᠠᠭᠠᠨ ᠳᠤ ᠣᠷᠣᠯᠴᠠᠪᠠ᠃
      ᠰᠢ ᠶᠢᠨ ᠫᠢᠩ ᠶᠡᠷᠦᠩᠬᠡᠢ ᠱᠦᠵᠢ ᠶᠢᠨ ᠬᠡᠷ ᠪᠦᠯᠢ ᠶᠢ ᠴᠢᠬᠤᠯᠠᠴᠢᠯᠠᠵᠦ᠂ ᠬᠡᠷ ᠤᠨ ᠬᠦᠮᠦᠵᠢᠯ ᠢ ᠴᠢᠬᠤᠯᠠᠴᠢᠯᠠᠵᠦ᠂ ᠬᠡᠷ ᠤᠨ ᠰᠣᠷᠳᠠᠯ ᠢ ᠴᠢᠬᠤᠯᠠᠴᠢᠯᠠᠭᠰᠠᠨ ᠴᠢᠬᠤᠯᠠ ᠶᠠᠷᠢᠶᠠᠨ ᠤ ᠵᠢᠭᠠᠪᠣᠷᠢ ᠶᠢᠨ ᠵᠣᠷᠢᠭ ᠰᠠᠨᠠᠭ᠎ᠠ  ᠶᠢ ᠬᠦᠨᠵᠡᠬᠡᠢ ᠲᠤᠭᠤᠰᠢᠯᠠᠭᠤᠯᠵᠦ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠣᠯᠣᠰ ᠤᠨ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠰᠢᠨ᠎ᠡ ᠨᠢᠬᠡ ᠬᠤᠭᠤᠴᠠᠭᠠᠨ ᠤ ᠣᠳᠣᠷᠢᠳᠬᠤ ᠪᠠᠭ ᠤᠨ ᠬᠡᠰᠢᠬᠦᠳ  ᠲᠠᠢ ᠪᠣᠯᠣᠭᠰᠠᠨ ᠶᠠᠷᠢᠶᠠᠨ ᠤ ᠵᠣᠷᠢᠭ ᠰᠠᠨᠠᠭ᠎ᠠ ᠪᠠ ᠳᠣᠮᠳᠠᠳᠣ ᠣᠯᠣᠰ ᠤᠨ ᠡᠮᠡᠭᠳᠡᠶᠢᠴᠣᠳ ᠤᠨ ᠠᠷᠪᠠᠨ ᠬᠤᠶᠠᠳᠣᠭᠠᠷ ᠶᠡᠭᠡ ᠬᠤᠷᠠᠯ ᠤᠨ ᠪᠠᠶᠢᠷᠢᠯᠠᠭᠤᠯᠣᠯᠲᠠ ᠱᠠᠭᠠᠷᠳᠠᠯᠭ᠎ᠠ ᠶᠢ  ᠬᠦᠨᠵᠡᠭᠡᠢ ᠲᠤᠭᠤᠰᠢᠯᠠᠭᠤᠯᠵᠦ ᠮᠠᠨ ᠤ ᠬᠤᠰᠢᠭᠤᠨ ᠤ ᠪᠦᠬᠦ ᠣᠯᠣᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢ ᠴᠣᠭᠴᠠᠯᠠᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠣᠶᠠᠯᠳᠣᠭᠤᠯᠣᠨ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯ ᠤᠨ ᠬᠡᠷ ᠪᠦᠯᠢ ᠳᠤ ᠠᠭᠤᠰᠣᠯᠴᠠᠨ ᠨᠡᠪᠴᠡᠯᠴᠡᠬᠦ ᠶᠢ ᠳᠦᠯᠬᠢᠨ ᠠᠬᠢᠭᠤᠯᠵᠦ ᠰᠢᠨ᠎ᠡ ᠴᠠᠭ ᠦᠶ᠎ᠡ ᠶᠢᠨ ᠬᠡᠷ ᠪᠦᠯᠢ ᠶᠢᠨ ᠦᠵᠡᠯᠳᠡ ᠶᠢ ᠶᠡᠭᠡ ᠪᠠᠷ ᠣᠬᠠᠭᠤᠯᠣᠨ ᠰᠣᠷᠳᠠᠯᠴᠢᠯᠠᠵᠦ ᠳᠠᠭᠤᠷᠢᠶᠠᠯ ᠤᠨ ᠬᠦᠴᠦᠨ ᠢᠶᠠᠷ ᠦᠷᠭᠡᠨ ᠣᠯᠠᠨ ᠡᠮᠡᠭᠳᠡᠶᠢᠴᠣᠳ ᠢ ᠣᠷᠬᠢᠯᠦᠮ᠎ᠠ ᠬᠠᠯᠠᠭᠤᠨ ᠰᠡᠳᠬᠢᠯᠬᠡ ᠪᠠᠷ ᠠᠵᠢᠯ ᠦᠢᠯᠡᠰ ᠲᠤ ᠢᠳᠡᠪᠬᠢᠯᠡᠨ ᠰᠢᠭᠤᠷᠬᠠᠶᠢᠯᠠᠬᠤ ᠶᠢ ᠳᠠᠶᠢᠴᠢᠯᠠᠨ ᠳᠠᠭᠠᠭᠤᠯᠬᠤ ᠶᠢᠨ ᠳᠦᠯᠦᠬᠡ ᠳᠣᠰ ᠣᠳᠠᠭᠠᠨ ᠤ ᠠᠵᠢᠯᠯᠠᠭ᠎ᠠ ᠶᠢ ᠦᠷᠨᠢᠬᠦᠯᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号