ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠶᠠᠨ ᠰᠤ᠋ ᠮᠠᠨ ᠤ ᠬᠤᠰᠢᠭᠤᠨ ᠳᠤ ᠢᠷᠡᠵᠤ ︽ᠭᠥᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020-06-19
     6 ᠰᠠᠷ᠎ᠠ ᠶᠢᠨ 17 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠶᠠᠨ ᠰᠤ᠋ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠳᠤᠭᠤᠶᠢᠯᠠᠩ ᠢ ᠳᠠᠭᠠᠭᠤᠯᠣᠨ ᠮᠠᠨ ᠤ ᠬᠤᠰᠢᠭᠤᠨ ᠳᠤ ᠢᠷᠡᠵᠤ ︽ᠪᠦᠭᠦᠲᠠ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠭᠥᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠢ᠊ ᠪᠢᠰᠢᠷᠡᠯᠲᠤ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠮᠢᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠᠶᠢᠴᠠᠭᠠᠯᠲᠠ ᠳᠤ ᠣᠷᠣᠯᠴᠠᠪᠠ᠃
     ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠵᠦᠩ ᠲᠢᠶᠠᠨ ᠾᠧ ᠴᠤᠸᠠᠩ ᠬᠢᠮᠢ ᠶᠢᠨ ᠤᠶᠢᠯᠡᠳᠪᠤᠷᠢ‌‍ᠶᠢᠨ ᠬᠤᠪᠢᠶᠠᠷᠢ ᠺᠤᠮᠫᠠᠨᠢ ᠵᠢᠴᠢ ᠠᠵᠤ ᠤᠶᠢᠯᠡᠳᠪᠤᠷᠢ ᠶᠢᠨ ᠬᠠᠲᠠᠭᠤ ᠪᠡᠶᠡᠲᠤ ᠬᠠᠶᠠᠭᠳᠠᠮᠠᠯ ᠪᠤᠳᠠᠰ ᠢ ᠪᠤᠯᠠᠬᠤ ᠭᠠᠵᠠᠷ᠂ ᠵᠦᠩ ᠮᠸᠢ ᠪᠥᠯᠥᠭᠯᠡᠯ ᠤᠨ ᠣᠷᠳᠤᠰ ᠤᠨ ᠲᠤᠭ ᠤᠨ ᠬᠢᠮᠢ ᠶᠢᠨ ᠪᠤᠷᠳᠤᠭᠤᠷ ᠤᠨ ᠲᠦᠷᠦᠯ ᠵᠦᠢᠯ ᠪᠠ ᠲᠤᠭ ᠪᠠᠯᠭᠠᠰᠤᠨ ᠤ ᠲᠤᠭᠤᠯᠲᠠᠢ ᠭᠠᠴᠠᠭᠠᠨ ᠤ ᠬᠤᠷᠠᠬᠤ ᠮᠠᠯᠵᠢᠯ ᠤᠨ ᠬᠤᠷᠰᠢᠶᠠᠨ ᠤ ᠬᠤᠭ ᠨᠤᠪᠰᠢ ᠤᠪᠤᠭᠠᠯᠠᠬᠤ ᠭᠠᠵᠠᠷ ᠲᠤ ᠪᠠᠶᠢᠴᠠᠭᠠᠯᠲᠠ ᠬᠢᠪᠡ᠃
     ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠤᠳᠠ ᠬᠢᠬᠦ ᠦᠶᠡᠰ ᠯᠢᠶᠠᠨ ᠰᠤ᠋᠂ ᠠᠵᠤ ᠠᠬᠤᠶᠢᠯᠠᠯ ᠤᠨ ᠤᠶᠢᠯᠡᠳᠪᠤᠷᠢᠯᠡᠯ‌‍ᠤᠨ ᠡᠵᠡᠩᠨᠡᠯᠲᠡ᠂ ᠥᠢᠯᠡᠳᠪᠤᠷᠢᠯᠠᠯ ᠤᠨ ᠶᠠᠪᠤᠴᠠ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ‌‍ᠶᠢ ᠨᠠᠷᠢᠯᠢᠭ ᠣᠶᠢᠯᠠᠭᠠᠪᠠ᠃ ᠯᠢᠶᠠᠨ ᠰᠤ᠋ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠬᠠᠮᠠᠭᠠᠯᠠᠯᠲᠠ᠂ ᠠᠶᠤᠯᠭᠦᠢ ᠶᠢᠨ ᠤᠶᠢᠯᠡᠳᠪᠦᠷᠢᠯᠡᠯ ᠪᠣᠯ ᠠᠵᠤ ᠠᠬᠤᠶᠢᠯᠠᠯ ᠤᠨ ᠠᠮᠢᠨ ᠰᠤᠳᠠᠰᠤ ᠪᠤᠯᠤᠨ᠎ᠠ᠂ ᠠᠵᠤ ᠠᠬᠤᠶᠢᠯᠠᠯ ᠨᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ ᠠᠵᠤ ᠠᠬᠤᠢ ᠬᠢᠭᠡᠳ ᠠᠮᠢ ᠠᠬᠤᠢ ᠶᠢᠨ ᠬᠤᠣᠰ ᠦᠷ᠎ᠡ ᠠᠰᠢᠭ ᠢ ᠣᠯᠵᠤ ᠤᠷᠤᠨ ᠨᠤᠲᠤᠭ ᠤᠨ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠤᠶᠢᠯᠡᠳᠪᠤᠷᠢ ᠶᠢᠨ ᠬᠠᠲᠠᠭᠤ ᠪᠡᠶᠠᠲᠤ ᠬᠠᠶᠠᠭᠳᠠᠮᠠᠯ ᠪᠤᠳᠠᠰ‌ᠢ ᠪᠤᠯᠠᠬᠤ ᠲᠠᠯᠠᠪᠠᠢ ᠪᠤᠯᠤᠨ ᠬᠤᠭ ᠨᠤᠪᠰᠢ ᠤᠪᠤᠭᠠᠯᠠᠬᠤ ᠭᠠᠵᠠᠷ ᠲᠤ ᠯᠢᠶᠠᠨ ᠰᠤ᠋ ᠨᠠᠷ ᠬᠤᠭ ᠨᠤᠪᠰᠢ ᠪᠤᠯᠠᠬᠤ ᠲᠠᠯᠠᠪᠠᠢ ᠶᠢᠨ ᠠᠵᠢᠯᠯᠠᠯᠳᠠ ᠶᠢᠨ ᠪᠠᠶᠢᠳᠠᠯ ᠪᠠ ᠪᠤᠭᠢᠷᠳᠤᠯ ᠢ ᠰᠠᠷᠭᠡᠶᠢᠯᠠᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠯᠢᠶᠠᠨ ᠰᠤ᠋ ᠵᠢᠭᠠᠵᠤ ᠭᠠᠷᠭᠠᠭᠰᠠᠨ ᠨᠢ᠂ ᠬᠤᠭ ᠨᠤᠪᠰᠢ ᠪᠤᠯᠠᠬᠤ ᠭᠠᠵᠠᠷ ᠤᠨ ᠠᠮᠢ ᠠᠬᠤᠢ ᠶᠢ ᠰᠠᠷᠭᠦᠭᠡᠭᠦ ᠵᠠᠰᠠᠯᠳᠠ  ᠶᠢᠨ ᠠᠵᠢᠯ ᠢ ᠥᠨᠳᠤᠷ ᠪᠠᠷᠢᠮᠵᠢᠶ᠎ᠠ ᠪᠠᠷ ᠲᠥᠯᠥᠪᠵᠢᠭᠦᠯᠤᠨ ︽ᠠᠵᠤ ᠦᠢᠯᠡᠳᠪᠤᠷᠢ ᠶᠢᠨ ᠵᠠᠰᠠᠯᠲᠠ︾ ᠶᠢᠨ ᠦᠵᠡᠮᠵᠢ ᠶᠢᠨ ᠵᠢᠱᠢᠶᠡᠴᠢ ᠣᠷᠣᠨ ᠢ ᠴᠢᠷᠮᠠᠶᠢᠨ ᠪᠠᠶᠢᠭᠤᠯᠵᠤ ᠬᠦᠷᠦᠰᠦ ᠰᠢᠷᠤᠢ ᠶᠢᠨ ᠶᠠᠰᠤ ᠴᠢᠨᠠᠷ ᠤᠨ ᠠᠮᠤᠷ ᠲᠤᠪᠰᠢᠨ ᠢ ᠪᠠᠲᠤᠯᠠᠨ ᠣᠷᠣᠨ ᠨᠤᠲᠤᠭ ᠤᠨ ᠠᠵᠤ ᠠᠬᠤᠢ ᠨᠡᠶᠢᠬᠡ᠊ ᠤᠨ ᠦᠷᠭᠦᠯᠵᠢᠯᠡᠬᠦᠶᠢᠴᠡ ᠬᠦᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号