6 ᠰᠠᠷ᠎ᠡ ᠶᠢᠨ ᠭᠤᠷᠪᠠᠳᠤᠭᠠᠷ ᠭᠠᠷᠠᠭ ᠪᠤᠯ ᠦᠪᠡᠷᠳᠡᠭᠡᠨ ᠵᠠᠰᠠᠬᠤ ᠤᠷᠤᠨ ᠤ ᠲᠦᠷᠪᠡᠳᠡᠬᠢ ᠤᠳᠠᠭᠠᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠠᠷᠠᠭ ᠪᠤᠯᠤᠨ᠎ᠡ᠃ ᠮᠠᠨ ᠤ ᠬᠤᠰᠢᠭᠤ ᠪᠦᠬᠦ ᠬᠤᠰᠢᠭᠤᠨ ᠤ | ᠤᠯᠠᠨ ᠲᠦᠮᠡᠨ ᠢ ᠲᠠᠶᠢᠴᠢᠯᠠᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭᠠᠨ ᠳᠤ | ᠤᠷᠤᠯᠴᠠᠭᠤᠯᠵᠤ ᠬᠤᠲᠠ ᠬᠦᠳᠡᠭᠡᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠰᠠᠶᠢᠵᠢᠷᠠᠭᠤᠯᠬᠤ᠂ | ᠬᠤᠯᠤᠭᠠᠨ᠎ᠠ ᠶᠢᠨ ᠬᠢᠵᠢᠭ ᠬᠢᠬᠡᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠭᠤᠤᠯᠳᠠᠯᠭ᠎ᠠ ᠲᠠᠢ | ᠬᠠᠯᠳᠠᠪᠤᠷᠢᠲᠤ ᠡᠪᠡᠳᠴᠢᠨ ᠢ ᠰᠡᠷᠬᠡᠶᠢᠯᠡᠬᠦ ᠵᠡᠷᠭᠡ ᠠᠵᠢᠯ ᠳᠤ ᠬᠦᠴᠦᠨ ᠨᠡᠮᠡᠷᠢᠯᠡᠵᠦ ᠪᠦᠬᠦ ᠲᠠᠯ᠎ᠠ ᠪᠠᠷ ᠴᠢᠨᠡᠬᠡᠯᠢᠭ | ᠨᠡᠶᠢᠬᠡᠮ ᠢ ᠪᠦᠲᠦᠬᠡᠨ ᠪᠠᠶᠢᠭᠤᠯᠬᠤ ᠪᠠᠷ ᠴᠢᠷᠮᠠᠶᠢᠵᠤ ᠪᠤᠢ᠃ | ᠮᠠᠨ ᠤ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠨᠢ ᠤᠯᠤᠰ ᠢᠶᠠᠨ ᠬᠠᠶᠢᠷᠠᠯᠠᠬᠤ | ᠡᠷᠡᠬᠦᠯ ᠬᠠᠮᠠᠭᠠᠯᠠᠯ ᠤᠨ 22 ᠪᠦᠷᠢᠯᠳᠦᠬᠦᠨ ᠪᠠᠶᠢᠭᠤᠯᠭ᠎ᠠ ᠨᠢᠬᠡᠴᠢ ᠶᠢ ᠵᠤᠬᠢᠶᠠᠨ ᠪᠠᠶᠢᠭᠤᠯᠵᠤ ᠭᠠᠯᠠᠭᠤᠲᠤ ᠪᠠᠯᠭᠠᠰᠤᠨ | ᠤ ᠰᠤᠪᠤᠷᠭ᠎ᠠ ᠨᠡᠶᠢᠬᠡᠮ ᠲᠤᠭᠤᠷᠢᠭ ᠲᠤ ᠬᠦᠨᠵᠡᠬᠡᠶᠢᠷᠡᠨ ︽ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠬᠡᠶᠢᠯᠡᠬᠦ ᠳᠤ | ᠢᠳᠡᠪᠬᠢᠯᠡᠨ ᠤᠷᠤᠯᠴᠠᠵᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠪᠠ ᠡᠷᠡᠬᠦᠯ ᠡᠩᠬᠡ ᠶᠢ ᠬᠠᠮᠲᠤ ᠳᠤ ᠨᠢ | ᠠᠬᠢᠭᠤᠯᠤᠶ᠎ᠠ︾ ᠬᠡᠬᠦ ᠭᠤᠤᠯ ᠰᠡᠳᠦᠪᠲᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠭᠠᠷᠠᠭ ᠵᠢᠴᠢ | ᠲᠦᠷᠪᠡᠳᠡᠬᠢ ᠤᠳᠠᠭᠠᠨ ᠤ ᠲᠡᠯᠡᠬᠡᠢ ᠶᠢᠨ ᠬᠦᠨᠦᠬᠡᠯᠲᠤ ᠰᠢᠪᠠᠵᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ | ᠦᠷᠨᠢᠬᠦᠯᠦᠯ᠎ᠡ᠃ | ᠠᠵᠢᠯᠯᠠᠭᠠᠨ ᠨᠢ ᠤᠷᠠᠨ ᠰᠠᠶᠢᠬᠠᠨ ᠤ ᠲᠤᠭᠯᠠᠯᠳᠠ ᠭᠠᠷᠭᠠᠬᠤ᠂ ᠡᠷᠡᠬᠦᠯ ᠮᠡᠨᠳᠦ ᠶᠢᠨ ᠠᠰᠠᠭᠤᠨ | ᠯᠠᠪᠯᠠᠯᠳᠠ ᠶᠢᠨ ᠣᠶᠢᠯᠡᠴᠢᠯᠡᠭᠡ ᠬᠠᠩᠭᠠᠬᠤ᠂ ᠬᠦᠨᠳᠡᠯᠡᠨ ᠪᠢᠴᠢᠬᠡᠰᠦ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ᠂ | ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠤᠯᠠᠨ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠲᠤ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠲᠦᠷᠢᠮ︾ ︽ | ᠡᠷᠡᠬᠦᠯ ᠮᠡᠨᠳᠦ ᠶᠢᠨ ᠬᠡᠪ ᠪᠤᠯᠪᠠᠰᠤᠷᠠᠯ ᠤᠨ 66 ᠵᠤᠷᠪᠤᠰ︾᠂ ᠡᠪᠡᠳᠴᠢᠨ ᠢ ᠰᠡᠷᠬᠡᠶᠢᠯᠡᠨ ᠡᠵᠡᠮᠳᠡᠬᠦ᠂ ᠡᠷᠡᠬᠦᠯ | ᠡᠩᠬᠡ ᠲᠤᠮᠳᠠᠲᠤ ᠶᠢᠨ ᠠᠶᠠᠨ ᠵᠡᠷᠭᠡ ᠠᠭᠤᠯᠭ᠎ᠠ ᠶᠢ ᠤᠬᠠᠭᠤᠯᠬᠤ ᠶᠢᠨ ᠬᠠᠮᠲᠤ ︽ᠲᠦᠷᠪᠡᠨ ᠬᠤᠤᠷᠳᠠᠨ ︾ ᠢ | ᠠᠷᠢᠯᠭᠠᠬᠠᠤ ᠡᠮ ᠪᠠ ᠪᠠᠭᠠᠵᠢ ᠬᠡᠷᠡᠭᠰᠡᠯ ᠲᠠᠷᠬᠠᠭᠠᠨ ᠦᠷᠬᠡᠨ ᠤᠯᠠᠨ ᠬᠤᠲᠠ ᠶᠢᠨ ᠠᠷᠠᠳ ᠤᠨ ᠤᠷᠴᠢᠨ | ᠲᠤᠭᠤᠷᠢᠨ ᠢᠶᠠᠨ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠬᠦᠯᠵᠦ ᠪᠤᠳᠠᠲᠤ ᠠᠵᠢᠯᠯᠠᠭ᠎ᠠ ᠪᠠᠷ ᠪᠠᠨ ᠠᠷᠢᠭᠤᠨ | ᠴᠡᠪᠡᠷ᠂ ᠡᠷᠡᠬᠦᠯ ᠡᠩᠬᠡ ᠠᠮᠢᠳᠤᠷᠠᠯ ᠤᠨ ᠤᠷᠴᠢᠨ᠂ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠳᠤ | ᠬᠦᠴᠦᠨ ᠢᠶᠠᠨ ᠡᠷᠬᠦᠬᠦ ᠶᠢ ᠤᠷᠢᠶᠠᠯᠠᠵᠠᠢ᠃ | |