ᠪᠦᠬᠦ ᠣᠷᠣᠨ ᠤ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠥᠭᠡᠷᠡᠴᠢᠯᠡᠯᠲᠡ ᠶᠢᠨ ᠠᠵᠢᠯ ᠤᠨ ᠪᠤᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2020-06-19
     ᠤᠶᠢᠷ᠎ᠠ ᠶᠢᠨ ᠡᠳᠤᠷ᠂ ᠪᠦᠬᠦ ᠣᠷᠣᠨ ᠤ ᠰᠤᠮᠤ ᠰᠢᠶᠠᠩ ᠪᠠᠯᠭᠠᠰᠤ ᠪᠣᠯᠤᠨ ᠵᠡᠭᠡᠯᠢ ᠭᠤᠳᠤᠮᠵᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠥᠭᠡᠷᠡᠴᠢᠯᠡᠯᠲᠡ ᠶᠢᠨ ᠠᠵᠢᠯ ᠤᠨ ᠪᠣᠯᠪᠠᠰᠤᠷᠠᠯ ᠤᠨ ᠬᠤᠷᠠᠯ ᠭᠥᠭᠡᠬᠤᠳᠠ ᠳᠤ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ ᠨᠠᠷ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠦᠵᠡᠯ ᠰᠠᠨᠠᠭ᠎ᠠ ᠲᠠᠨᠢᠯᠲᠠ ᠪᠤᠯᠤᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠥᠭᠡᠷᠡᠴᠢᠯᠡᠯᠲᠡ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ ᠥᠭᠡᠷᠡᠴᠢᠯᠡᠯᠲᠡ ᠶᠢᠨ ᠭᠤᠤᠯ ᠠᠭᠤᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠳᠡᠵᠦ ᠴᠢᠳᠠᠪᠤᠷᠢ ᠪᠠᠨ ᠲᠡᠭᠡᠭᠰᠢᠯᠠᠭᠦᠯᠤᠨ ᠥᠭᠡᠷᠡᠴᠢᠯᠡᠯᠲᠡ ᠶᠢ ᠨᠠᠷᠢᠯᠢᠭ ᠨᠠᠶᠢᠳᠠᠪᠤᠷᠢᠵᠢᠭᠤᠯᠬᠤ ᠭᠡᠷᠡᠭᠳᠠᠢ᠃ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ ᠥᠭᠡᠷᠡᠴᠢᠯᠡᠯᠲᠡ ᠶᠢᠨ ᠳᠤᠮᠳᠠᠬᠢ ᠬᠦᠴᠢᠷᠳᠡᠯ ᠳᠤ ᠴᠢᠭᠯᠡᠭᠦᠯᠦᠨ ᠪᠣᠳᠠᠲᠠᠶ ᠠᠷᠭ᠎ᠠ ᠬᠡᠮᠵᠢᠶ᠎ᠡ ᠠᠪᠴᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠡᠯ᠎ᠡ ᠠᠶᠢᠮᠠᠭ ᠬᠤᠲᠠ ᠶᠢᠨ ᠬᠢᠨ ᠪᠠᠶᠢᠭᠤᠯᠤᠮᠵᠢ ᠶᠢᠨ ᠫᠠᠶᠢᠰᠠ ᠡᠯᠭᠦᠬᠦ᠂ ᠡᠭᠦᠷᠭᠡ ᠬᠠᠷᠢᠭᠤᠴᠠᠯᠭ᠎ᠠ᠂ ᠴᠢᠳᠠᠮᠵᠢ ᠶᠢᠨ ᠲᠣᠬᠢᠷᠠᠭᠤᠯᠤᠯᠲᠠ ᠵᠡᠷᠭᠡ ᠠᠵᠢᠯ ᠢ ᠨᠢᠭᠡᠳᠦᠯᠲᠡᠶ ᠲᠤᠭᠢᠷᠠᠭᠤᠯᠤᠨ ᠪᠠᠷᠢᠮᠵᠢᠶᠠᠵᠢᠭᠤᠯᠤᠨ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠭᠢᠭᠤᠯᠤᠨ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠲᠡᠭᠰᠢᠯᠠᠭᠦᠯᠵᠤ ᠡᠯ᠎ᠡ ᠲᠥᠷᠤᠯ ᠤᠨ ᠥᠭᠡᠷᠡᠴᠢᠯᠡᠯᠲᠡ ᠶᠢᠨ ᠠᠵᠢᠯ ᠢ ᠬᠤᠯᠪᠣᠭᠠᠯᠠᠨ ᠠᠭᠢᠭᠤᠯᠬᠤ ᠭᠡᠷᠡᠭᠳᠠᠢ᠃ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠪᠠᠶᠠᠯᠠᠭᠦᠯᠤᠨ ᠴᠠᠭ ᠬᠤᠭᠤᠴᠠᠭ᠎ᠠ ᠶᠢ ᠡᠵᠡᠮᠳᠡᠵᠦ ᠥᠭᠡᠷᠡᠴᠢᠯᠡᠯᠲᠡ ᠶᠢᠨ ᠡᠷᠴᠢᠮ‌‍ᠢᠶ᠋ᠡᠨ ᠴᠢᠩᠭᠠᠷᠠᠭᠤᠯᠵᠤ ᠲᠣᠰ ᠭᠠᠵᠠᠷ ᠣᠷᠣᠨ ᠤ ᠪᠠᠨ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠨ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号