ᠰᠢᠶᠤᠤ ᠵᠢᠶᠧ ᠪᠥᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-19
     ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ᠂ ᠪᠥᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠤᠤ ᠵᠢᠶᠧ 15 ᠤ ᠡᠳᠦᠷ ᠪᠥᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠶᠠᠷᠢᠶ᠎ᠠ ᠲᠠᠯᠪᠢᠵᠠᠶ ᠃ ᠬᠤᠷᠠᠯ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠪᠠᠶᠢᠳᠠᠯ‌ᠢ ᠨᠡᠪᠲᠡᠷᠡᠭᠦᠯᠵᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠭᠠᠳ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠣᠤ ᠵᠢᠶᠧ ᠵᠢᠭᠠᠵᠤ ᠭᠠᠷᠭᠠᠭᠰᠠᠨ ᠨᠢ᠂ ᠨᠢᠳᠤᠨᠤᠨ ᠵᠢᠯ ᠠᠴᠠ ᠨᠠᠭᠠᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ‌‍ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠤᠨ ᠬᠡᠷᠡᠭᠵᠢᠭᠦᠯᠦᠯᠲᠡ ᠶᠢ ᠡᠮᠬᠢ ᠳᠢᠭᠯᠢᠮ ᠲᠠᠢ ᠠᠬᠢᠭᠤᠯᠵᠤ ᠂ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢᠨ ᠳᠠᠭᠠᠤ ᠲᠠᠶᠢᠯᠤᠮᠵᠢ ᠬᠢᠵᠦ ᠬᠠᠷᠢᠭᠤᠯᠲᠠ ᠥᠭᠬᠦ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢᠳᠡᠪᠬᠢᠲᠡᠶ ᠦᠷ᠎ᠡ ᠪᠦᠲᠦᠮᠵᠢ ᠣᠯᠵᠠᠢ ᠭᠡᠪᠡ᠃ ᠰᠢᠶᠣᠤ ᠵᠢᠶᠧ ᠴᠢᠬᠤᠯᠠᠴᠢᠯᠠᠭᠰᠠᠨ ᠨᠢ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠪᠣᠳᠣᠯᠬᠢᠯᠠᠨ᠂ ᠵᠠᠰᠠᠭ‌‍ᠤᠨ ᠶᠠᠪᠤᠳᠠᠯ ᠢ ᠢᠯᠡ ᠪᠣᠯᠭᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠴᠢᠩᠭᠠᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢᠨ ᠳᠠᠭᠠᠤ ᠲᠠᠶᠢᠯᠤᠮᠵᠢ ᠬᠢᠵᠦ ᠬᠠᠷᠢᠭᠤ ᠥᠭᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ‌‍ᠤᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠬᠦᠴᠦᠯᠡᠨ ᠴᠢᠩᠭᠠᠳᠬᠠᠵᠤ᠂ ᠭᠤᠤᠯᠳᠠᠯᠭ᠎ᠠ ᠲᠠᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠲᠥᠪᠯᠡᠷᠡᠭᠦᠯᠦᠨ ᠨᠢᠭᠡᠳᠦᠯᠲᠡᠶ ᠢᠯᠡ ᠪᠣᠯᠭᠠᠬᠤ ᠶᠢ ᠬᠦᠴᠦᠯᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠢᠵᠢ ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠬᠦᠴᠦᠯᠡᠨ ᠠᠬᠢᠭᠤᠯᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃    
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号