6 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠮᠠᠨ ᠤ ᠬᠤᠰᠢᠭᠤᠨ ᠤ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠥᠢᠯ ᠤᠨ ᠠᠭᠢᠭᠤᠯᠤᠯᠳᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ | ᠪᠠᠶᠠᠨᠴᠡᠩᠭᠡᠯ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ ᠬᠤᠰᠢᠭᠤ ᠲᠡᠮᠦᠷ ᠵᠠᠮ ᠠᠭᠠᠷ ᠤᠨ ᠠᠶᠠᠯᠠᠯ ᠤᠨ ᠪᠥᠳᠥᠭᠡᠨ ᠪᠠᠶᠢᠭᠤᠯᠤᠯᠳᠠ ᠶᠢᠨ ᠠᠯᠪᠠᠨ ᠭᠡᠷ | ᠤᠨ ᠮᠠᠨ ᠤ ᠬᠤᠰᠢᠭᠤᠨ ᠤ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠥᠢᠯ ᠤᠨ | ᠠᠭᠢᠭᠤᠯᠤᠯᠳᠠ ᠶᠢᠨ ᠪᠠᠶᠢᠳᠠᠯ ᠵᠢᠴᠢ ᠡᠮᠤᠨᠠᠭᠢ ᠬᠤᠭᠤᠴᠠᠭᠠᠨ ᠤ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠴᠤ ᠲᠠᠷᠠᠭᠠᠴᠢ ᠶᠢᠨ | ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ ᠪᠣᠳᠠᠲᠠᠶ ᠠᠵᠢᠯ ᠤᠨ | ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠵᠤᠤ ᠹᠸᠢ ᠯᠦ ᠵᠢᠭᠠᠵᠤ ᠭᠠᠷᠭᠠᠭᠰᠠᠨ ᠨᠢ᠂ ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠪᠣᠯ ᠥᠪᠡᠷᠳᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠲᠠᠪᠤᠨ ᠵᠢᠯ ᠤᠨ ᠨᠠᠶᠢᠳᠠᠮ ᠬᠡᠷᠡᠭᠯᠡᠭᠡᠨ ᠤ ᠠᠭᠠᠷ ᠤᠨ ᠠᠶᠠᠯᠠᠯ ᠤᠨ ᠭᠥᠭᠵᠢᠯᠳᠠ ᠶᠢᠨ ᠲᠥᠯᠥᠪᠵᠢᠭᠦᠯᠭᠡ ᠶᠢᠨ | ᠭᠤᠤᠯᠳᠠᠯᠭ᠎ᠠ ᠲᠠᠢ ᠲᠥᠷᠥᠯ ᠵᠥᠢᠯ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠺᠠᠳ᠋ᠷ ᠠᠵᠢᠯᠲᠠᠨ ᠤ | ᠬᠦᠰᠡᠨ ᠡᠷᠡᠮᠡᠯᠵᠡᠵᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠥᠨ ᠴᠦ ᠮᠠᠨ ᠤ ᠬᠤᠰᠢᠭᠤᠨ ᠤ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠥᠭᠵᠢᠯᠲᠡ ᠶᠢᠨ ᠲᠤᠳᠠᠭᠳᠠᠯ ᠢ ᠨᠥᠬᠦᠪᠥᠷᠢᠯᠡᠬᠦ᠂ ᠬᠤᠳᠠᠯᠳᠤᠭ᠎ᠠ | ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠠᠶᠠᠯᠠᠯ | ᠨᠡᠪᠳᠡᠷᠡᠭᠰᠠᠨ ᠤ ᠲᠠᠷᠠᠭ᠎ᠠ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠰᠠᠶᠢᠳᠤᠷ ᠠᠭᠢᠭᠤᠯᠬᠤ ᠪᠣᠯᠤᠨ᠎ᠠ | ᠭᠡᠵᠡᠢ᠃ | | | | | | | ᠵᠤᠤ ᠹᠸᠢ ᠯᠦ ᠴᠢᠬᠤᠯᠠᠴᠢᠯᠠᠭᠰᠠᠨ ᠨᠢ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ | ᠨᠠᠶᠢᠳᠠ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠢ ᠭᠦᠢᠴᠡᠳ ᠲᠠᠨᠢᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠭᠤᠯᠤᠨ ᠥᠢᠯᠡᠴᠢᠯᠠᠭᠦ ᠶᠢ | ᠰᠠᠨᠠᠭᠠᠴᠢᠯᠠᠭ᠎ᠠ ᠠᠴᠠ ᠪᠠᠨ ᠥᠷᠨᠢᠭᠦᠯᠵᠦ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢ ᠠᠭᠢᠭᠤᠯᠬᠤ ᠭᠡᠷᠡᠭᠳᠠᠢ᠃ | ᠬᠤᠰᠢᠭᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠳᠤᠭ | ᠪᠡᠯᠴᠢᠭᠡᠷ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠴᠠᠬᠢᠯᠭᠠᠨ ᠬᠠᠩᠭᠠᠬᠤ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠥᠷᠥᠯ ᠵᠥᠢᠯ ᠢ ᠪᠠᠶᠢᠭᠤᠯᠬᠤ᠂ ᠭᠠᠵᠠᠷ ᠰᠢᠷᠣᠶ ᠲᠠᠲᠠᠪᠤᠷᠢᠯᠠᠬᠤ᠂ ᠣᠶ ᠰᠢᠭᠤᠢ ᠨᠤᠳᠤᠭ ᠪᠡᠯᠴᠢᠭᠡᠷ ᠪᠠ | ᠭᠠᠵᠠᠷ ᠰᠢᠷᠣᠶ ᠶᠢᠨ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠵᠢᠴᠢ ᠤᠰᠤ᠂ ᠴᠠᠬᠢᠯᠭᠠᠨ᠂ ᠵᠠᠮ᠂ ᠮᠡᠳᠡᠭᠡ ᠵᠠᠷᠭᠡ | ᠰᠠᠭᠤᠷᠢ ᠲᠥᠭᠦᠭᠡᠷᠤᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠵᠤ ᠲᠥᠷᠥᠯ ᠵᠥᠢᠯ ᠤᠨ ᠬᠤᠭᠤᠴᠠᠭ᠎ᠠ ᠶᠣᠰᠣᠭᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠪᠠᠳᠤᠯᠠᠬᠤ ᠭᠡᠷᠡᠭᠳᠠᠢ ᠭᠡᠵᠡᠢ᠃ |