ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠲᠧᠯᠸᠢᠰ ᠤᠳᠠᠰᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-19
     6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠵᠠᠳᠠᠯᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠬᠰᠢᠳᠠ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ᠂ ᠬᠤᠰᠢᠭᠤ ᠤᠳᠤᠷᠢᠳᠤᠯᠭ᠎ᠠ ᠭᠤᠤ ᠬᠤ᠋᠂ ᠪᠠᠶᠠᠨᠴᠡᠩᠭᠡᠯ᠂ ᠯᠢᠤ ᠵᠧᠩ ᠪᠤᠯᠤᠨ ᠡᠯ᠎ᠠ ᠰᠤᠮᠤ ᠪᠠᠯᠭᠠᠰᠤᠨ ᠤ ᠬᠠᠷᠢᠭᠤᠴᠠᠯᠭᠠᠳᠠᠨ᠂ ᠬᠤᠰᠢᠭᠤ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠭᠠᠵᠠᠷ ᠤᠨ ᠡᠯ᠎ᠠ ᠪᠥᠷᠢᠯᠳᠤᠭᠦᠨ ᠨᠢᠭᠡᠴᠢ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠪᠡᠭᠡᠵᠢᠩ ᠲᠠᠢ ᠬᠥᠷᠰᠢᠯᠡᠵᠦ ᠪᠠᠶᠢᠬᠤ ᠮᠦ᠋ᠷᠳᠡᠬᠡᠨ ᠬᠢᠯᠢ ᠳᠤ ᠣᠷᠣᠵᠦ ᠢᠷᠡᠬᠦ ᠵᠢᠰᠢᠶᠠᠨ ᠤ ᠨᠢᠰᠬᠡᠯ ᠢ ᠳᠠᠷᠬᠠᠭᠠᠨ ᠪᠠᠭᠤᠯᠭᠠᠬᠤ ᠡᠭᠦᠷᠭᠡ ᠶᠢ ᠡᠭᠦᠷᠭᠡᠯᠡᠵᠤ ᠪᠠᠶᠢᠭ᠎ᠠ ᠪᠤᠯᠬᠤᠷ ᠪᠠᠶᠢᠩᠭᠤᠵᠢᠭᠰᠠᠨ ᠪᠠᠶᠢᠳᠠᠯ ᠳᠤᠤᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠮᠠᠰᠢ ᠬᠦᠨᠳᠦ ᠪᠠᠶᠢᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠦ᠂ ᠦᠷᠬᠦᠯᠵᠢᠯᠡᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠨᠠᠬᠰᠢᠳᠠ ᠪᠣᠳᠠᠲᠠᠶᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠬᠦᠰᠬᠦ ᠶᠢ ᠰᠡᠷᠬᠡᠶᠢᠯᠡᠬᠦ︾ ᠠᠵᠢᠯ ᠢ ᠴᠠᠭ ᠢᠮᠠᠬᠳᠠ ᠬᠢᠨᠠᠭᠤᠷ ᠪᠤᠯᠭᠤᠮᠵᠢᠳᠠᠢ ᠰᠠᠶᠢᠲᠤᠷ ᠠᠳᠬᠤᠬᠤ ᠬᠡᠷᠡᠭᠳᠡᠢ᠃ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠬᠢᠨ ᠠᠵᠢᠯ ᠤᠨ ᠰᠠᠬᠢᠯᠭ᠎ᠠ ᠪᠠᠲᠤ ᠪᠠᠨ ᠴᠢᠩᠭᠠᠳᠬᠠᠨ᠂ ᠠᠵᠢᠯ ᠤᠨ ᠲᠣᠬᠢᠷᠠᠭᠤᠯᠭ᠎ᠠ ᠪᠣᠯᠤᠨ ᠵᠢᠵᠢᠭᠦᠷᠯᠡᠨ ᠰᠠᠬᠢᠬᠤ ᠪᠠᠨ ᠴᠢᠩᠭᠠᠳᠬᠠᠵᠥ᠂ ᠡᠯ᠎ᠡ ᠵᠦᠢᠯ ᠤᠨ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠠᠬᠢᠨ ᠡᠬᠦᠰᠬᠦ ᠦᠭᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠳᠤᠮᠳᠠ ᠥᠨᠳᠥᠷ ᠬᠡᠮᠵᠢᠶᠡᠨ ᠤ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠪᠠ ᠲᠤᠰᠠᠭᠠᠷᠯᠠᠵᠤ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠷᠳᠠᠯ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠤᠭᠤᠳᠤᠮᠵᠢ ᠪᠠᠨ ᠤᠯᠠᠮ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠳᠡᠢ᠃ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠶ ᠶᠢᠨ ᠢᠳᠡᠭᠡᠨ ᠤᠰᠤᠨ ᠭᠠᠷᠤᠯᠲᠠ ᠶᠢᠨ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠪᠤᠯᠤᠨ ᠣᠷᠣᠨ ᠪᠦᠰᠡ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠲᠠᠯ᠎ᠠ ᠪᠠᠷ ᠬᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠬᠤ ᠬᠡᠷᠡᠭᠳᠡᠢ᠃ ᠬᠢᠯᠢ ᠶᠢᠨ ᠭᠠᠳᠠᠨᠠᠬᠢ ᠵᠢᠰᠢᠶᠠᠨ ᠤ ᠨᠢᠰᠬᠡᠯ ᠢ ᠳᠠᠷᠬᠠᠭᠠᠨ ᠪᠠᠭᠤᠯᠭᠠᠬᠤ ᠪᠠ ᠮᠠᠨᠵᠤᠤᠷ ᠵᠡᠷᠭᠡ ᠵᠠᠰᠠᠮᠠᠯ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠵᠥ ᠢᠷᠡᠭᠰᠡᠨ ᠡᠪᠡᠳᠴᠢᠨ ᠤ ᠵᠢᠱᠢᠶ᠎ᠡ ᠪᠠᠷ ᠲᠠᠮᠵᠢᠨ ᠨᠢᠭᠡ ᠴᠦ ᠲᠠᠷᠬᠠᠬᠤ ᠥᠬᠡᠶ᠂ ᠨᠢᠭᠡ ᠴᠦ ᠳᠡᠯᠬᠡᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ      ᠬᠤᠷᠠᠯ ᠠᠴᠠ ᠴᠢᠬᠤᠯᠠᠴᠢᠯᠠᠬᠤ ᠳᠤ ᠪᠠᠨ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠡᠷᠬᠡᠶᠢᠯᠡᠨ ᠬᠠᠮᠠᠭᠠᠯᠠᠬᠤ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠨ᠂ ᠦᠨᠳᠤᠷ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠳᠤ ᠲᠤᠯᠭᠠᠷᠠᠵᠦ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠠᠨ᠂ ᠬᠥᠯᠥᠰᠥᠨ ᠮᠠᠯᠴᠢᠨ ᠳᠠᠷᠢᠶᠠᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠵᠤ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠢ ᠭᠡᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号