ᠮᠠᠨ ᠤ ᠬᠤᠰᠢᠭᠤ ᠬᠦᠴᠢᠷᠳᠡᠯᠲᠡᠢ ᠰᠤᠷᠤᠭᠴᠢᠳ ᠢ ᠲᠡᠮᠵᠢᠨ ᠲᠤᠰᠠᠯᠠᠵᠤ ᠬᠦᠰᠡᠯ ᠵᠡᠬᠦᠳᠦ ᠶᠢ ᠨᠢ ᠲᠡᠷᠬᠡᠯᠰᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2020-06-19
     ᠮᠠᠨ ᠤ ᠬᠤᠰᠢᠭᠤ᠂ ᠤᠯᠠᠨ ᠵᠥᠢᠯ ᠤᠨ ᠠᠷᠭ᠎ᠠ ᠭᠡᠯᠪᠠᠷᠢ ᠪᠠᠷ ᠶᠠᠳᠠᠭᠤ ᠬᠦᠴᠢᠷᠳᠡᠯᠲᠡᠢ ᠰᠤᠷᠤᠭᠴᠢᠳ ᠢ ᠲᠡᠮᠵᠢᠨ ᠲᠤᠰᠠᠯᠠᠵᠤ ᠬᠦᠰᠡᠯ ᠵᠡᠬᠦᠳᠦ ᠶᠢ ᠨᠢ ᠲᠡᠷᠬᠡᠯᠰᠢᠬᠦᠯᠵᠤ ᠪᠠᠶᠢᠨ᠎ᠠ᠃      ᠣᠶᠢᠷ᠎ᠠ ᠳᠤ᠂ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ︽ᠬᠠᠶᠢᠷ᠎ᠠ ᠪᠢᠯᠬᠠᠮ᠎ᠠ ᠪᠢᠴᠢᠬᠠᠨ ᠬᠦᠰᠡᠯ︾ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠠᠪᠤᠭᠳᠠᠭᠰᠠᠨ ᠪᠠᠶᠢᠨ᠎ᠠ᠃ ᠠᠵᠢᠯᠯᠠᠭ᠎ᠠ ᠶᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠬᠡᠵᠢᠬᠦᠯᠬᠦ ᠲᠥᠪ᠂ ᠤᠶᠤᠨ ᠤ ᠪᠤᠯᠪᠠᠰᠤᠨ ᠤ ᠠᠯᠪᠠᠨ ᠭᠡᠷ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠬᠠᠮᠲᠤᠷᠠᠨ ᠡᠷᠬᠢᠯᠡᠵᠤ ᠠᠮᠢᠳᠤᠷᠠᠯ  ᠬᠦᠴᠢᠷᠳᠡᠯᠲᠡᠶ 50 ᠭᠠᠷᠤᠢ ᠰᠤᠷᠤᠭᠴᠢᠳ ᠲᠤ 5000 ᠭᠠᠷᠤᠶ ᠲᠥᠭᠦᠷᠢᠭ ᠤᠨ ᠥᠷᠲᠡᠭ ᠪᠥᠬᠦᠶ ᠪᠢᠴᠢᠭ ᠤᠨ ᠬᠡᠷᠡᠭᠰᠡᠯ᠂ ᠴᠤᠮᠤ᠂ ᠨᠠᠭᠠᠳᠤᠮ ᠲᠤᠭᠯᠠᠭᠠᠮ ᠵᠡᠷᠭᠡ ᠶᠢ ᠬᠦᠷᠭᠡᠯ᠎ᠡ᠃
     ᠦᠥᠰᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠭᠦᠰᠡᠯᠡᠩ᠄ ︽ᠭᠦᠰᠡᠯ ᠬᠠᠶᠢᠷ᠎ᠠ ᠪᠠᠨ ᠡᠷᠭᠦᠭᠰᠡᠨ ᠬᠦᠨᠳᠦᠲᠦ ᠲᠠᠨᠠᠷ ᠲᠤ ᠲᠠᠯᠠᠷᠬᠠᠵᠤ ᠪᠠᠶᠢᠨ᠎ᠠ᠃ ᠦᠷᠦᠪᠴᠢ ᠬᠠᠶᠢᠷ᠎ᠠ ᠶᠢᠨ ᠬᠠᠷᠢᠭᠤ ᠳᠤ ᠦᠰᠦᠭ ᠪᠢᠴᠢᠭ ᠢᠶᠠᠨ ᠰᠠᠶᠢᠨ ᠰᠤᠷᠴᠤ ᠦᠨᠳᠦᠰᠦᠲᠡᠨ ᠶᠠᠰᠤᠲᠠᠨ ᠤ ᠮᠠᠨᠳᠤᠯ ᠬᠦᠭᠵᠢᠯ ᠳᠤ ᠦᠪᠡᠷ ᠤᠨ ᠬᠠᠶᠢᠷ᠎ᠠ ᠪᠠᠨ ᠢᠯᠡᠷᠬᠡᠶᠢᠯᠡᠶ᠎ᠡ᠃ ᠬᠠᠶᠢᠷ᠎ᠠ ᠶᠢᠨ ᠬᠠᠷᠢᠭᠤ ᠳᠤ ᠲᠤᠰᠤᠯ᠂ ᠬᠠᠯᠠᠮᠵᠢ ᠶᠢᠨ ᠬᠠᠷᠢᠭᠤ ᠳᠤ ᠡᠷᠳᠡᠨᠢ᠂ ᠬᠠᠮᠤᠭ ᠤᠨ ᠬᠦᠨᠳᠦᠲᠦ ᠲᠠᠨᠠᠷ ᠲᠤ ᠬᠠᠯᠠᠭᠤᠨ ᠬᠠᠶᠢᠷ᠎ᠠ ᠪᠠᠨ ᠲᠡᠪᠰᠢᠬᠦᠯᠦᠶ᠎ᠡ︾ ᠭᠡᠵᠦ ᠪᠠᠶᠢᠪᠠ᠃      ᠮᠠᠨ ᠤ ᠬᠤᠰᠢᠭᠤ ᠤᠶᠢᠷ᠎ᠠ ᠶᠢᠨ ᠵᠢᠯ ᠠᠴᠠ ᠭᠦᠴᠢᠷᠳᠡᠯᠲᠡᠢ ᠰᠤᠷᠤᠭᠴᠢᠳ ᠤᠨ ᠰᠤᠷᠤᠯᠭ᠎ᠠ ᠰᠤᠶᠤᠯ ᠤᠨ ᠬᠦᠰᠡᠯ ᠢ ᠲᠡᠷᠭᠡᠯᠰᠢᠬᠦᠯᠬᠦ ᠪᠠᠷ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ᠂ ᠤᠷᠤᠨ ᠨᠤᠲᠤᠭ ᠤᠨ ᠠᠵᠤ ᠠᠬᠤᠶᠢᠯᠠᠯ᠂ ᠬᠤᠪᠢ ᠬᠦᠮᠦᠨ ᠤ ᠲᠡᠮᠵᠢᠯᠬᠡ ᠶᠢ ᠢᠳᠡᠪᠬᠢᠳᠡᠢ ᠣᠯᠵᠣ ᠶᠠᠳᠠᠭᠤ ᠭᠦᠴᠢᠷᠳᠡᠯᠲᠡᠢ ᠰᠤᠷᠤᠭᠴᠢᠳ ᠢ ᠲᠡᠮᠵᠢᠨ ᠲᠤᠰᠠᠯᠠᠬᠤ ᠠᠵᠢᠯᠯᠠᠭ᠎ᠠ ᠶᠢ ᠲᠠᠰᠤᠷᠠᠯᠳᠠ ᠦᠬᠡᠢ ᠶᠠᠪᠤᠭᠳᠠᠭᠤᠯᠤᠭᠰᠠᠭᠠᠷ ᠢᠷᠡᠭᠰᠡᠨ ᠢᠶᠠᠷ ᠲᠠᠳᠠᠨ ᠤ ᠭᠥᠰᠡᠯ ᠵᠠᠭᠦᠳᠤ ᠪᠠᠨ ᠲᠡᠷᠭᠡᠯᠰᠢᠭᠦᠯᠭᠦ ᠢᠲᠡᠭᠡᠯ ᠵᠤᠷᠢᠭ ᠢ ᠨᠢ ᠭᠥᠪᠴᠢᠯᠠᠵᠤ ᠴᠢᠳᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号