2020 ᠣᠨ ᠤ ᠦᠦᠰᠢᠨ ᠬᠤᠰᠢᠭᠤᠨ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ︽ᠡᠮᠡᠭᠳᠡᠶᠢᠴᠣᠳ ᠨᠠᠮ ᠢᠶᠠᠨ ᠬᠦᠷᠢᠶᠡᠯᠡᠵᠦ ᠰᠢᠨ᠎ᠡ ᠡᠷᠡᠨ ᠳᠤ ᠡᠷᠡᠯᠭᠡᠭᠯᠡᠨ ᠣᠷᠣᠭᠰᠢᠯᠠᠬᠤ︾ ᠬᠤᠶᠠᠷ ᠬᠤᠷᠠᠯ ᠤᠨ ᠵᠣᠷᠢᠭ ᠰᠠᠨᠠᠭ᠎ᠠ  ᠶᠢ ᠳᠣᠭᠤᠷᠢᠨ ᠶᠠᠷᠢᠬᠤ ᠵᠢᠴᠢ ᠬᠡᠷ ᠪᠦᠯᠢ ᠶᠢᠨ ᠬᠦᠮᠦᠵᠢᠯ ᠤᠨ ᠮᠡᠳᠡᠯᠬᠡ ᠶᠢᠨ ᠳᠠᠶᠢᠯᠣᠮᠵᠢ ᠰᠦᠯᠳᠡ ᠰᠣᠮᠣᠨ ᠳᠤ ᠶᠠᠪᠣᠭᠳᠠᠯ᠎ᠠ
ᠨᠡᠶᠢᠲᠡᠯᠡᠭᠰᠡᠨ ᠴᠠᠭ᠄
2020-06-19
     6 ᠰᠠᠷ᠎ᠠ ᠶᠢᠨ 16 ᠤ ᠡᠳᠦᠷ᠂ 2020 ᠣᠨ ᠤ ᠦᠦᠰᠢᠨ ᠬᠤᠰᠢᠭᠤᠨ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ︽ᠡᠮᠡᠭᠳᠡᠶᠢᠴᠣᠳ ᠨᠠᠮ ᠢᠶᠠᠨ ᠬᠦᠷᠢᠶᠡᠯᠡᠵᠦ ᠰᠢᠨ᠎ᠡ ᠡᠷᠡᠨ ᠳᠤ ᠡᠷᠡᠯᠭᠡᠭᠯᠡᠨ ᠣᠷᠣᠭᠰᠢᠯᠠᠬᠤ︾ ᠬᠤᠶᠠᠷ ᠬᠤᠷᠠᠯ  ᠤᠨ ᠵᠣᠷᠢᠭ ᠰᠠᠨᠠᠭ᠎ᠠ ᠶᠢ ᠳᠣᠭᠤᠷᠢᠨ ᠶᠠᠷᠢᠬᠤ ᠵᠢᠴᠢ ᠬᠡᠷ ᠪᠦᠯᠢ ᠶᠢᠨ ᠬᠦᠮᠦᠵᠢᠯ ᠤᠨ ᠮᠡᠳᠡᠯᠬᠡ ᠶᠢᠨ ᠳᠠᠶᠢᠯᠣᠮᠵᠢ ᠰᠦᠯᠳᠡ ᠰᠣᠮᠣᠨ ᠳᠤ ᠶᠠᠪᠣᠭᠳᠠᠯ᠎ᠠ᠃
     ᠠᠵᠢᠯᠯᠠᠭᠠᠨ ᠳᠤ ᠬᠤᠰᠢᠭᠤ ᠨᠠᠮ ᠤᠨ ᠰᠣᠷᠭᠠᠭᠤᠯᠢ ᠶᠢᠨ ᠳᠡᠳ᠋ ᠫᠷᠤᠹᠰᠰᠤᠷ ᠠᠴᠠ 2020 ᠣᠨ ᠤ ᠪᠦᠬᠦ ᠣᠯᠣᠰ  ᠤᠨ ᠬᠤᠶᠠᠷ ᠬᠤᠷᠠᠯ ᠤᠨ ᠠᠭᠤᠯᠭ᠎ᠠ᠂ ᠵᠣᠷᠢᠭ ᠰᠠᠨᠠᠭ᠎ᠠ᠂ ᠠᠴᠢ ᠬᠤᠯᠪᠣᠭᠳᠠᠯ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠯᠳᠠ ᠳᠠᠯᠪᠢᠬᠤ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭᠠᠨ ᠤ ᠳᠣᠬᠠᠢ ᠰᠢᠰᠲ᠋ᠧᠮ ᠲᠠᠢ ᠨᠠᠷᠢᠯᠢᠭ ᠳᠠᠶᠢᠯᠦᠮᠵᠢ ᠬᠢᠵᠦ ᠬᠤᠰᠢᠭᠤ ᠨᠠᠰᠣᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠬᠦᠯ ᠮᠡᠨᠲᠣ ᠶᠢᠨ ᠰᠣᠷᠭᠠᠨ ᠬᠦᠮᠦᠵᠢᠯ ᠤᠨ ᠳᠦᠪ ᠤᠨ ᠰᠡᠳᠬᠢᠴᠡ ᠶᠢᠨ ᠵᠦᠪᠯᠡᠭᠴᠢ ᠪᠠᠭᠰᠢ ᠠᠴᠠ ︽ᠬᠡᠷ ᠪᠦᠯᠢ ᠶᠢᠨ ᠰᠣᠷᠭᠠᠨ ᠬᠦᠮᠦᠵᠢᠯ ᠢ ᠰᠣᠷᠣᠯᠴᠠᠵᠦ ᠣᠬᠠᠭᠠᠯᠢᠭ ᠬᠡᠷ ᠤᠨ ᠠᠬᠠᠮᠠᠳ ᠪᠣᠯᠬᠤ︾ ᠭᠤᠣᠯ ᠰᠡᠳᠣᠪ ᠢᠶᠠᠷ ᠬᠡᠣᠬᠡᠳ ᠤᠨ ᠦᠰᠦᠯᠳᠡ ᠪᠣᠶᠢᠵᠢᠯᠳᠠ ᠳᠠᠬᠢ ᠰᠡᠳᠬᠢᠴᠡ ᠶᠢᠨ ᠬᠤᠪᠢᠷᠠᠯᠳᠠ᠂ ᠬᠡᠷ ᠪᠦᠯᠢ ᠶᠢᠨ ᠰᠣᠷᠭᠠᠨ ᠬᠦᠮᠦᠵᠢᠯ ᠤᠨ ᠴᠢᠬᠤᠯᠠ ᠴᠢᠨᠠᠷ᠂ ᠬᠡᠷ ᠤᠨ ᠠᠬᠠᠮᠠᠳ ᠬᠡᠣᠬᠡᠳ ᠤᠨ ᠬᠤᠭᠤᠷᠣᠨᠳᠠᠬᠢ ᠬᠠᠷᠢᠴᠠᠭ᠎ᠠ ᠬᠠᠷᠢᠯᠴᠠᠭ᠎ᠠ᠂ ᠭᠡᠷ ᠤᠨ ᠰᠣᠷᠳᠠᠯ ᠵᠡᠷᠭᠡ ᠳᠠᠯ᠎ᠠ ᠠᠴᠠ ᠠᠮᠢᠳᠣᠯᠢᠭ ᠣᠶᠢᠯᠠᠭᠠᠮᠵᠢᠲᠠᠢ ᠳᠠᠶᠢᠯᠦᠮᠵᠢ ᠬᠢᠭᠰᠡᠨ ᠪᠠᠶᠢᠨ᠎ᠠ᠃
     ᠰᠦᠯᠳᠡ ᠰᠣᠮᠣᠨ ᠤ ᠳᠣᠯᠢ ᠭᠠᠴᠠᠭᠠᠨ ᠤ ᠮᠠᠯᠴᠢᠨ ᠽᠠᠨᠳᠠᠨᠴᠢᠮᠡᠭ᠄ ︽ᠬᠡᠷ ᠪᠦᠯᠢ ᠶᠢᠨ ᠬᠦᠮᠦᠵᠢᠯ ᠤᠨ ᠳᠠᠯ᠎ᠠ ᠪᠠᠷ ᠠᠶᠢᠯ ᠭᠡᠷ ᠢᠶᠠᠨ ᠶᠠᠭᠠᠬᠢᠵᠦ ᠠᠪᠴᠦ ᠶᠠᠪᠣᠬᠤ᠂ ᠬᠡᠣᠬᠡᠳ ᠢᠶᠠᠨ ᠶᠠᠭᠠᠬᠢᠵᠦ ᠬᠦᠮᠦᠵᠢᠬᠦᠯᠬᠦ ᠰᠠᠶᠢᠬᠠᠨ ᠶᠠᠷᠢᠶ᠎ᠠ ᠪᠠᠨ ᠶᠠᠷᠢᠭᠰᠠᠨ ᠪᠠᠶᠢᠨ᠎ᠠ᠃ ᠶᠡᠭᠡ ᠣᠶᠢᠯᠠᠭᠠᠯᠳᠠ ᠲᠠᠢ᠂ ᠶᠡᠭᠡ ᠠᠷᠪᠢᠨ ᠶᠠᠭᠤᠮ᠎ᠠ ᠶᠢ ᠰᠣᠷᠣᠯᠴᠠᠵᠦ ᠮᠡᠳᠡᠯ᠎ᠡ᠃ ᠬᠡᠣᠬᠡᠳ ᠴᠦ᠂ ᠬᠡᠷ ᠤᠨ ᠬᠦᠮᠦᠰ ᠢᠶᠠᠨ ᠴᠦ ᠢᠯᠡᠬᠦᠬᠡᠨ ᠵᠣᠷᠢᠭᠵᠢᠭᠤᠯᠵᠦ ᠨᠢᠬᠡ ᠨᠢᠬᠡᠨ ᠢᠶᠠᠨ ᠬᠠᠶᠢᠷᠠᠯᠠᠵᠦ ᠬᠠᠯᠠᠮᠵᠢᠯᠠᠵᠦ ᠶᠠᠪᠣᠬᠤ ᠨᠢ ᠴᠢᠬᠤᠯᠠ ᠬᠡᠰᠡᠨ ᠢ ᠣᠶᠢᠯᠠᠭᠠᠯ᠎ᠠ︾ ᠬᠡᠵᠦ ᠪᠠᠶᠢᠯ᠎ᠠ᠃
     ᠣᠶᠢᠯᠠᠭᠠᠭᠰᠠᠨ ᠢᠶᠠᠷ᠂ ᠦᠨᠳᠦᠰᠦᠨ ᠱᠠᠳᠣᠨ ᠤ ᠡᠮᠡᠭᠳᠡᠢ ᠺᠠᠳ᠋ᠷᠴᠣᠳ᠂ ᠡᠮᠡᠭᠳᠡᠶᠢᠴᠣᠳ ᠤᠨ ᠦᠨᠳᠦᠰᠦᠨ ᠬᠡᠪ ᠴᠢᠨᠠᠷ ᠢ ᠶᠡᠷᠦᠩᠬᠡᠶᠢᠯᠡᠨ ᠳᠡᠭᠡᠭᠰᠢᠯᠡᠬᠦᠯᠬᠦ ᠶᠢᠨ ᠳᠦᠯᠦᠬᠡ ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠨᠢ ᠬᠤᠰᠢᠭᠤ ᠨᠠᠮ ᠤᠨ ᠰᠣᠷᠭᠠᠭᠤᠯᠢ ᠪᠠ ᠬᠤᠰᠢᠭᠤ ᠨᠠᠰᠣᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠬᠦᠯ ᠮᠡᠨᠲᠣ  ᠶᠢᠨ ᠰᠣᠷᠭᠠᠨ ᠬᠦᠮᠦᠵᠢᠯ ᠤᠨ ᠳᠦᠪ ᠲᠠᠢ ᠬᠠᠮᠳᠣᠷᠠᠨ ᠪᠦᠬᠦ ᠬᠤᠰᠢᠭᠤᠨ ᠤ ᠵᠢᠷᠭᠤᠭᠠᠨ ᠰᠣᠮᠣ ᠪᠠᠯᠭᠠᠰᠣᠨ ᠳᠤ ︽ᠡᠮᠡᠭᠳᠡᠶᠢᠴᠣᠳ ᠨᠠᠮ ᠢᠶᠠᠨ ᠬᠦᠷᠢᠶᠡᠯᠡᠵᠦ ᠰᠢᠨ᠎ᠡ ᠡᠷᠡᠨ ᠳᠤ ᠡᠷᠡᠯᠭᠡᠭᠯᠡᠨ ᠣᠷᠣᠭᠰᠢᠯᠠᠬᠤ︾ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠳᠣᠭᠤᠷᠢᠨ ᠶᠠᠷᠢᠬᠤ ᠵᠢᠴᠢ ᠬᠡᠷ ᠪᠦᠯᠢ ᠶᠢᠨ ᠬᠦᠮᠦᠵᠢᠯ ᠤᠨ ᠮᠡᠳᠡᠯᠬᠡ ᠶᠢᠨ ᠳᠠᠶᠢᠯᠣᠮᠵᠢ ᠬᠢᠬᠦ ᠪᠠᠷ ᠪᠠᠶᠢᠨ᠎ᠠ᠃      ᠰᠦᠯᠳᠡ ᠰᠣᠮᠣᠨ ᠤ ᠡᠮᠡᠭᠳᠡᠢ ᠺᠠᠳ᠋ᠷ ᠠᠵᠢᠯᠳᠠᠳ᠂ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠳᠡᠷᠢᠬᠦᠯᠡᠭᠴᠢ᠂ ᠮᠠᠯᠴᠢᠨ ᠳᠠᠷᠢᠶᠠᠴᠢᠨ ᠤ ᠳᠦᠯᠦᠬᠡᠯᠡᠭᠴᠢᠳ ᠠᠵᠢᠯᠯᠠᠭᠠᠨ  ᠳᠤ ᠣᠷᠣᠯᠴᠠᠪᠠ᠃
     ᠬᠤᠰᠢᠭᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ ᠡᠷᠭᠡ ᠠᠰᠢᠭ ᠢ ᠬᠠᠮᠠᠭᠠᠯᠠᠬᠤ ᠳᠠᠰᠤᠭ ᠤᠨ ᠳᠠᠷᠤᠭ᠎ᠠ    ᠣᠯᠠᠭᠠᠨᠳᠣᠶᠠᠭ᠎ᠠ᠄ ︽ᠡᠨᠡ ᠣᠳᠠᠭᠠᠨ ᠤ ᠠᠵᠢᠯᠯᠠᠭ᠎ᠠ ᠶᠢ ᠦᠷᠨᠢᠬᠦᠯᠦᠭᠰᠡᠨ ᠭᠤᠣᠯ ᠵᠣᠷᠢᠯᠳᠠ ᠨᠢ ᠪᠣᠯ ᠡᠮᠡᠭᠳᠡᠶᠢᠴᠣᠳ ᠤᠨ ᠬᠤᠯᠪᠣᠭᠠᠨ ᠤ ᠬᠦᠢᠴᠡᠳᠬᠡᠬᠦ ᠬᠡᠰᠢᠬᠦᠳ ᠤᠨ ᠬᠡᠪ ᠴᠢᠨᠠᠷ ᠢ ᠳᠡᠭᠡᠭᠰᠢᠯᠡᠬᠦᠯᠤᠨ ᠳᠡᠳᠡᠨ ᠳᠤ ᠳᠦᠪ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠣᠬᠠᠭᠤᠯᠣᠨ ᠰᠣᠷᠣᠯᠴᠠᠭᠤᠯᠵᠦ ︽ᠦᠪᠡᠷᠳᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠲᠦᠷᠢᠮ︾ ᠢ ᠣᠬᠠᠭᠤᠯᠬᠤ᠂ ᠮᠦᠨᠴᠦ ᠰᠡᠳᠬᠢᠴᠡ ᠶᠢᠨ ᠮᠡᠳᠡᠯᠭᠡ ᠶᠢ ᠡᠵᠡᠮᠰᠢᠬᠦᠯᠦᠨ ᠳᠡᠳᠡᠨ  ᠤ ᠬᠡᠪ ᠴᠢᠨᠠᠷ ᠢ ᠳᠡᠭᠡᠭᠰᠢᠯᠡᠬᠦᠯᠵᠦ ᠨᠡᠩ ᠦᠷᠭᠡᠨ ᠣᠯᠠᠨ ᠡᠮᠡᠭᠳᠡᠶᠢᠴᠣᠳ ᠲᠤ ᠦᠢᠯᠡᠴᠢᠯᠡᠨ ᠡᠮᠡᠭᠳᠡᠶᠢᠴᠣᠳ ᠤᠨ ᠠᠵᠢᠯ  ᠢᠶᠠᠨ ᠰᠢᠨ᠎ᠡ ᠨᠢᠬᠡᠨ ᠳᠡᠭᠳᠡᠷ ᠲᠤ ᠭᠠᠷᠭᠠᠬᠤ ᠶᠢᠨ ᠳᠦᠯᠦᠬᠡ ᠶᠣᠮ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号