ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠲᠤᠭᠤᠯᠵᠦ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠠ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2020-06-02
     5 ᠰᠠᠷ᠎ᠠ ᠶᠢᠨ 29 ᠤ ᠦᠲᠡ ᠶᠢᠨ ᠬᠤᠶᠢᠨ᠎ᠠ᠂ ᠦᠪᠡᠷᠲᠡᠭᠡᠡ ᠵᠠᠰᠬᠠᠦ ᠤᠷᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠲᠤᠭᠤᠯᠵᠦ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠠ ᠰᠤᠷᠤᠯᠴᠠᠵᠦ᠂ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠡ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠡ ᠵᠠᠰᠬᠠᠦ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠲᠤᠨ᠂ ᠤᠯᠤᠰ ᠲᠦᠷᠦ ᠶᠢᠨ ᠵᠦᠪᠯᠡᠯᠭᠡᠡ ᠤ ᠤᠲᠤᠷᠢᠳᠬᠤ ᠨᠦᠬᠦᠳ᠂ ᠦᠪᠡᠷᠲᠡᠭᠡᠡ ᠵᠠᠰᠠᠬᠤ ᠤᠷᠤᠨ ᠤ ᠠᠷᠠᠳ ᠤᠨ ᠦᠨᠲᠦᠷ ᠵᠡᠷᠭᠡ ᠶᠢᠨ ᠰᠢᠭᠦᠬᠦ ᠬᠤᠷᠢᠶᠠᠠ ᠤ ᠲᠠᠷᠤᠭ᠎ᠠ᠂ ᠵᠡᠪᠰᠡᠭᠲᠦ ᠴᠠᠭᠲᠠᠭ᠎ᠠ ᠶᠢᠨ ᠦᠪᠦᠷ ᠮᠤᠩᠭᠤᠯ ᠤᠨ ᠶᠡᠷᠦᠩᠭᠡᠢ ᠠᠩᠭᠢ ᠶᠢᠨ ᠺᠤᠮᠢᠰᠰᠠᠷ᠂ ᠬᠡᠰᠡᠭ ᠮᠤᠵᠢ ᠶᠢᠨ ᠳᠡᠰ ᠤᠨ ᠠᠵᠢᠯ ᠠᠴᠠ ᠪᠠᠨ ᠲᠠᠷᠬᠠᠯᠠᠭᠲᠠᠵᠦ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠳ ᠬᠤᠷᠠᠯ ᠳᠤ ᠤᠷᠤᠯᠴᠠᠵᠠᠢ᠃      ᠬᠤᠷᠠᠯ ᠲᠡᠭᠡᠷ᠎ᠠ᠂ ᠱᠢ ᠲᠠᠢ ᠹᠧᠩ ᠠᠴᠠ ᠶᠡᠷᠦᠩᠭᠡᠢ ᠱᠦᠵᠢ ᠰᠢ ᠶᠢᠨ ᠫᠢᠩ ᠤᠨ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠠ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠶᠢ ᠤᠯᠠᠮᠵᠢᠯᠠᠵᠦ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠦ ᠯᠢᠠ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠲᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠦ᠂ ᠦᠪᠡᠷᠲᠡᠭᠡᠡ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠡ ᠤ ᠲᠡᠷᠢᠭᠦᠯᠡᠭᠴᠢ ᠯᠢ ᠰᠢᠦ ᠯᠢᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠠᠷᠪᠠᠠ ᠭᠤᠷᠪᠠᠲᠤᠭᠠᠷ ᠬᠤᠭᠤᠴᠠᠭᠠᠠ ᠤ ᠬᠤᠷᠢᠶᠠᠨ ᠤ ᠭᠤᠷᠪᠠᠲᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠱᠢ ᠲᠠᠢ ᠹᠧᠩ ᠶᠠᠷᠢᠶᠠᠠ ᠳᠠᠭᠠᠨ᠂ ᠰᠠᠶ᠋ᠢᠬᠠᠨ ᠲᠡᠭᠦᠰᠦᠭᠰᠡᠡ ᠪᠦᠬᠦ ᠤᠯᠤᠰ ᠤᠨ ᠬᠤᠶᠠᠷ ᠬᠤᠷᠠᠯ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ᠂ ᠤᠲᠤᠬᠠᠠ ᠤ ᠤᠯᠤᠰ ᠤᠨ ᠲᠤᠲᠤᠭᠠᠲᠦ ᠭᠠᠳᠠᠭᠠᠳᠦ ᠶᠢᠨ ᠤᠨᠴᠠᠭᠠᠢ ᠪᠠᠶᠢᠲᠠᠯ ᠲᠤᠤᠷ᠎ᠠ ᠶᠠᠪᠤᠭᠳᠠᠭᠰᠠᠨ ᠨᠢᠭᠡ ᠤᠳᠠᠭᠠᠨ ᠤ ᠴᠢᠬᠤᠯᠠ ᠶᠡᠭᠡ ᠤᠯᠤᠰ ᠲᠦᠷᠦ ᠶᠢᠨ ᠠᠵᠢᠯᠯᠠᠭ᠎ᠠ ᠮᠦᠨ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠡ ᠬᠦ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠵᠦ᠂ ᠴᠢᠩᠭ᠎ᠠ ᠬᠠᠷᠢᠭᠤᠴᠠᠯᠭᠠᠲᠦ ᠰᠡᠳᠭᠢᠯᠭᠡ ᠪᠤᠯᠤᠨ ᠡᠭᠦᠷᠭᠡᠳᠦ ᠪᠤᠲᠤᠯ ᠢᠶᠠᠷ ᠰᠤᠷᠤᠯᠴᠠᠠ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠭᠡᠷᠡᠭᠲᠡᠢ᠃ ᠤᠯᠠᠮᠵᠢᠯᠠᠠ ᠰᠤᠷᠤᠯᠴᠠᠬᠤ ᠠᠵᠢᠯ ᠢ ᠨᠠᠷᠢᠨ ᠨᠢᠮᠪᠠᠢ ᠵᠤᠬᠢᠶᠠᠠ ᠪᠠᠶᠢᠭᠤᠯᠵᠦ᠂ ᠪᠤᠲᠠᠲᠦ ᠪᠠᠶᠢᠲᠠᠯ ᠲᠠᠢ ᠪᠠᠨ ᠤᠶᠠᠯᠲᠤᠭᠤᠯᠤᠨ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠠ ᠶᠢ ᠰᠤᠲᠤᠯᠤᠨ ᠲᠤᠭᠲᠠᠭᠠᠵᠦ᠂ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠢ ᠬᠦᠲᠦᠯᠦᠨ ᠲᠠᠭᠠᠭᠤᠯᠵᠦ ᠪᠠᠶᠢᠭᠠᠳ ᠰᠠᠶᠢᠳᠦᠷ ᠤᠢᠢᠯᠠᠭᠠᠵᠦ ᠲᠤᠭᠤᠷᠠᠳᠠᠯ᠎ᠠ ᠮᠡᠳᠡᠵᠦ ᠪᠤᠳᠠᠳᠠᠢ ᠬᠢᠬᠦ ᠲᠠᠯ᠎ᠠ ᠪᠠᠷ ᠢᠯᠡᠭᠦᠦ ᠬᠦᠴᠦ ᠤᠷᠤᠭᠤᠯᠬᠤ ᠭᠡᠷᠡᠭᠲᠡᠢ᠃ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠤᠯᠤᠨ ᠡᠯ᠎ᠠ ᠱᠠᠳᠤᠨ ᠤ ᠤᠳᠤᠷᠢᠳᠬᠤ ᠺᠠᠳ᠋ᠷ ᠵᠢᠱᠢᠶᠡᠴᠢ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠪᠤᠳᠠᠳᠠᠶᠢᠵᠢᠬᠤ ᠶᠢ ᠠᠬᠢᠭᠤᠯᠬᠤ ᠬᠡᠷᠡᠭᠳᠠᠢ ᠭᠡᠵᠦ ᠵᠢᠭᠠᠵᠦ ᠭᠠᠷᠭᠠᠪᠠ᠃      ᠱᠢ ᠲᠠᠢ ᠹᠧᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠭᠰᠠᠨ ᠨᠢ ᠶᠡᠷᠦ ᠪᠤᠰᠦ ᠶᠢᠨ ᠠᠴᠢ ᠬᠤᠯᠪᠤᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠮᠦᠨ ᠴᠢᠨᠠᠷ ᠢ ᠭᠦᠨᠵᠡᠭᠡᠢ ᠤᠢᠢᠯᠠᠭᠠᠨ᠂ ᠤᠨᠤᠪᠴᠢᠳᠠᠢ ᠡᠵᠡᠮᠰᠢᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠦ ᠪᠤᠢ ᠪᠤᠯᠭᠠᠨ ᠭᠦᠨᠵᠡᠭᠡᠢ ᠦᠢᠯᠡᠳᠦᠯᠭᠡᠵᠢᠭᠦᠯᠬᠦ ᠬᠡᠷᠡᠭᠳᠠᠢ᠃ ᠠᠷᠠᠳ ᠲᠦᠮᠡᠨ ᠢ ᠳᠡᠭᠡᠳᠦᠯᠡᠬᠦ ᠶᠢ ᠢᠮᠠᠭᠳᠠ ᠪᠠᠷᠢᠮᠳᠠᠯᠠᠵᠦ᠂ ᠶᠠᠮᠠᠷᠪᠠ ᠦᠶ᠎ᠠ ᠶᠠᠮᠠᠷᠪᠠ ᠪᠠᠶᠢᠳᠠᠯ ᠳᠤᠤᠷ᠎ᠠ ᠪᠦᠷ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠵᠦ᠂ ᠶᠠᠮᠠᠷᠪᠠ ᠠᠰᠠᠭᠤᠳᠠᠯ ᠢ ᠪᠤᠳᠤᠯᠬᠢᠯᠠᠬᠤ᠂ ᠶᠠᠮᠠᠷᠪᠠ ᠰᠢᠢᠳᠪᠦᠷᠢᠳᠦ ᠪᠤᠳᠤᠯᠭ᠎ᠠ ᠭᠠᠷᠭᠠᠬᠤ᠂ ᠶᠠᠮᠠᠷᠪᠠ ᠶᠠᠪᠤᠳᠠᠯ ᠢ ᠭᠦᠢᠴᠡᠳᠭᠡᠬᠦ ᠳᠡᠭᠡᠨ ᠪᠦᠷ ᠠᠷᠠᠳ ᠤᠨ ᠵᠤᠭᠰᠤᠯᠳᠠ ᠶᠢ ᠪᠠᠳᠦ ᠪᠠᠷᠢᠮᠳᠠᠯᠠᠵᠦ᠂ ᠤᠯᠠᠨ ᠲᠦᠮᠡᠨ ᠤ ᠠᠩᠬᠠᠷᠴᠦ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠬᠦ ᠬᠡᠷᠡᠭᠳᠠᠢ᠃ ᠢᠮᠠᠭᠳᠠ ᠠᠷᠠᠳ ᠲᠦᠮᠡᠨ ᠳᠤ ᠨᠢᠭᠳᠠ ᠲᠦᠰᠢᠭᠯᠡᠵᠦ᠂ ᠠᠷᠠᠳ ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠵᠦ᠂ ᠠᠷᠠᠳ ᠤᠨ ᠠᠷᠠᠳᠴᠢᠯᠠᠯ ᠢ ᠪᠠᠳᠠᠷᠠᠭᠤᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠳᠠᠷᠠᠭᠤᠯᠤᠨ ᠦᠢᠯᠡᠰ ᠤᠨ ᠬᠦᠭᠵᠢᠯᠳᠡ ᠶᠢ ᠠᠬᠢᠭᠤᠯᠬᠤ ᠬᠡᠷᠡᠭᠳᠠᠢ᠃ ᠢᠮᠠᠭᠳᠠ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠴᠤ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠤᠯᠠᠨ ᠲᠦᠮᠡᠨ ᠤ ᠠᠮᠤᠷ ᠵᠢᠮᠦᠷ ᠠᠵᠤ ᠲᠦᠷᠦᠬᠦ᠂ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠠᠮᠢᠳᠤᠷᠠᠬᠤ ᠳᠤ ᠬᠤᠯᠪᠤᠭᠳᠠᠬᠤ ᠪᠤᠳᠠᠳᠠᠢ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠨᠡᠩ ᠤᠯᠠᠨ ᠨᠡᠩ ᠰᠢᠭᠤᠳ ᠨᠡᠩ ᠪᠤᠳᠠᠳᠠᠢ ᠬᠦᠷᠳᠡᠮᠵᠢ ᠶᠢᠨ ᠲᠦᠷᠦᠭᠳᠡᠯ ᠵᠢᠷᠭᠠᠯᠳᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠤᠯᠭᠤᠬᠤ ᠬᠡᠷᠡᠭᠳᠠᠢ᠃ ᠢᠮᠠᠭᠳᠠ ᠠᠷᠠᠳ ᠲᠦᠮᠡᠨ ᠤ ᠲᠤᠮᠳᠠ ᠪᠠᠳᠤ ᠦᠨᠳᠤᠰᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠴᠦᠬᠦᠷᠡᠰᠢ ᠦᠭᠡᠢ ᠴᠡᠪᠡᠷᠰᠢᠭᠦᠯᠵᠦ᠂ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠶᠢ ᠡᠭᠦᠷᠢᠳᠡ ᠪᠠᠳᠤᠯᠠᠬᠤ ᠬᠡᠷᠡᠭᠳᠠᠢ᠃ ᠠᠷᠠᠳ ᠤᠨ ᠲᠦᠯᠦᠭᠡ ᠲᠦᠷᠦ ᠪᠠᠷᠢᠬᠤ᠂ ᠠᠷᠠᠳ ᠲᠤ ᠲᠦᠰᠢᠭᠯᠡᠨ ᠲᠦᠷᠦ ᠪᠠᠷᠢᠬᠤ ᠦᠨᠳᠦᠷᠴᠡ ᠳᠤ ᠵᠤᠭᠰᠤᠨ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠢᠢᠯᠠᠭᠠᠵᠤ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠬᠦᠭᠵᠢᠯᠳᠡ ᠶᠢ ᠨᠡᠩ ᠰᠠᠶᠢᠳᠦᠷ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃     ᠱᠢ ᠲᠠᠢ ᠹᠧᠩ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠵᠠᠩᠭᠢᠯᠠᠭ᠎ᠠ ᠨᠢ ᠦᠵᠡᠯ ᠰᠠᠨᠠᠭᠠᠨ ᠳᠡᠭᠡᠷ᠎ᠠ᠂ ᠦᠢᠯᠡ ᠠᠵᠢᠯᠯᠠᠭ᠎ᠠ ᠳᠡᠭᠡᠷ᠎ᠠ᠂ ᠦᠷ᠎ᠠ ᠪᠦᠲᠦᠮᠵᠢ ᠳᠡᠭᠡᠷ᠎ᠠ ᠢᠯᠡᠷᠡᠭᠦᠯᠬᠦ ᠳᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠤ ᠡᠨᠡ ᠵᠢᠯ ᠤᠨ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠱᠠᠭᠠᠷᠳᠠᠯᠭ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠤᠴᠠᠷᠠᠭᠤᠯᠤᠭᠰᠠᠨ ᠮᠠᠭᠤ ᠨᠦᠯᠦᠭᠡ ᠶᠢ ᠡᠷᠡᠰ ᠢᠯᠠᠨ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠤ ᠬᠠᠷᠠᠯᠳᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠠᠢ᠃ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠵᠤ᠂ ᠪᠠᠷᠢᠮᠵᠢᠶ᠎ᠠ ᠲᠠᠢ ᠬᠠᠷᠭᠤᠭᠤᠯᠤᠨ ᠵᠦᠷᠢᠶ᠎ᠡ ᠪᠠᠨ ᠡᠷᠢᠵᠤ᠂ ᠲᠤᠳᠠᠭᠤᠳᠠᠯ ᠢᠶᠠᠨ ᠨᠦᠬᠦᠪᠤᠷᠢᠯᠡᠨ᠂ ᠲᠠᠪᠠᠭᠤᠯᠢᠭ ᠬᠦᠴᠤᠨ ᠢᠶᠠᠨ ᠲᠦᠪᠯᠡᠷᠡᠬᠦᠯᠤᠨ ᠤᠰᠠᠳᠬᠠᠬᠤ ᠲᠠᠶᠢᠯᠠᠯᠳᠤᠭᠠᠨ ᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ︽ᠡᠴᠤᠰ ᠤᠨ ᠨᠢᠭᠡ ᠺᠢᠯᠣᠮᠧᠳ᠋ᠷ︾ ᠢ ᠰᠠᠶᠢᠨ ᠶᠠᠪᠤᠵᠤ ᠯᠠᠪᠳᠠᠭᠤᠨ ᠶᠠᠪᠤᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠠᠭ ᠢᠮᠠᠬᠳᠠ ᠰᠡᠷᠡᠮᠵᠢ ᠲᠠᠢ ᠪᠠᠶᠢᠵᠤ᠂ ᠠᠷᠠᠳ ᠤᠨ ᠠᠮᠢᠳᠤᠷᠠᠯ ᠢ ᠡᠷᠴᠢᠮᠳᠠᠢ ᠪᠦᠭᠡᠳ ᠪᠦᠳᠦᠮᠵᠢᠳᠠᠢ ᠪᠠᠳᠤᠯᠠᠨ ᠰᠠᠶᠢᠵᠢᠷᠠᠭᠤᠯᠵᠤ᠂ ᠠᠵᠤ ᠠᠬᠤᠢᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠤ᠂ ᠠᠵᠤ ᠠᠬᠤᠢ ᠶᠢᠨ ᠡᠷᠬᠢᠯᠳᠠ ᠶᠢ ᠲᠤᠬᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠮᠤ ᠪᠤᠳᠠᠭ᠎ᠠ ᠡᠨᠧᠷᠬᠢ ᠶᠢᠨ ᠬᠠᠨᠭ᠍ᠭᠠᠯᠭ᠎ᠠ ᠶᠢ ᠦᠨᠡᠨ ᠬᠦ ᠪᠠᠳᠤᠯᠠᠵᠤ᠂ ᠴᠠᠭ ᠳᠤᠬᠢᠶᠠᠯ ᠢ ᠠᠮᠵᠢᠨ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠠᠵᠤ ᠠᠬᠤᠢ ᠶᠢᠨ ᠬᠦᠭᠵᠢᠯᠳᠠ ᠪᠠ ᠨᠡᠶᠢᠭᠡᠮ ᠤᠨ ᠲᠤᠬᠳᠠᠭᠤᠨ ᠪᠠᠶᠢᠳᠠᠯ ᠤᠨ ᠶᠡᠭᠡ ᠲᠠᠯ᠎ᠡ ᠶᠢ ᠬᠠᠮᠠᠭᠠᠯᠠᠬᠤ ᠭᠡᠷᠡᠭᠳᠠᠢ᠃ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠶᠢ ᠶᠡᠭᠡ ᠪᠠᠷ ᠠᠬᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠤᠯᠠᠮ ᠴᠢᠨᠠᠬᠰᠢᠳᠠ ᠰᠠᠶᠢᠳᠤᠷ ᠬᠢᠵᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠡᠬᠦᠳᠤᠨ ᠪᠠᠶᠢᠭᠤᠯᠬᠤ ᠠᠵᠢᠯ ᠢ ᠬᠦᠨᠵᠡᠭᠡᠶᠢᠷᠠᠬᠦᠯᠵᠤ᠂ ᠬᠠᠤᠯᠢ ᠪᠠᠷ ᠤᠷᠤᠨ ᠢ ᠵᠠᠰᠠᠬᠤ ᠠᠬᠢᠴᠠ ᠪᠠᠨ ᠲᠦᠷᠭᠡᠳᠭᠡᠵᠤ᠂ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠵᠤ ᠴᠢᠬᠤᠯᠠᠴᠢᠯᠠᠪᠠ᠃      ᠱᠢ ᠲᠠᠢ ᠹᠧᠩ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ᠂ ᠮᠠᠨ ᠤ ᠤᠷᠤᠨ ᠤ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠠᠵᠢᠯ ᠢ ᠲᠠᠰᠤᠷᠠᠯᠳᠠ ᠦᠭᠡᠢ ᠬᠦᠨᠵᠡᠭᠡᠶᠢᠷᠠᠬᠦᠯᠬᠦ ᠭᠡᠷᠡᠭᠳᠠᠢ᠃ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠨᠠᠮ ᠤᠨ ᠭᠡᠰᠢᠬᠦᠨ ᠺᠠᠳ᠋ᠷ ᠤᠨ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠳᠡᠭᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠬᠦ ᠶᠢ ᠤᠬᠠᠮᠰᠠᠷ ᠠᠴᠠ ᠪᠠᠨ ᠪᠤᠳᠠᠳᠤ ᠠᠵᠢᠯᠯᠠᠭ᠎ᠠ ᠲᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠬᠦᠳᠤᠯᠤᠨ ᠵᠢᠯᠤᠭᠤᠳᠬᠤ ᠭᠡᠷᠡᠭᠳᠠᠢ᠃ ᠪᠤᠳᠠᠳᠠᠢ ᠠᠵᠢᠯᠯᠠᠵᠤ ᠪᠤᠳᠠᠳᠤ ᠠᠮᠵᠢᠯᠳᠠ ᠭᠠᠷᠭᠠᠬᠤ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ︽ᠲᠦᠷᠪᠡᠨ ᠰᠤᠷᠳᠠᠯ︾ ᠢᠯᠠᠩᠭᠤᠶ᠎ᠡ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠬᠦᠴᠤᠯᠠᠨ ᠴᠡᠭᠴᠡᠯᠡᠨ ᠵᠠᠰᠠᠵᠤ᠂ ᠦᠨᠳᠤᠰᠤᠨ ᠱᠠᠳᠤ ᠪᠤᠯᠤᠨ ᠺᠠᠳ᠋ᠷᠴᠤᠳ ᠲᠤ ᠨᠡᠩ ᠤᠯᠠᠨ ᠨᠠᠶᠢᠳᠠᠪᠤᠷᠢᠵᠢᠭᠤᠯᠤᠯᠳᠠ ᠶᠢ ᠠᠳᠬᠤᠬᠤ ᠴᠠᠭ ᠤᠯᠭᠤᠬᠤ ᠭᠡᠷᠡᠭᠳᠠᠢ᠃ ᠢᠯᠵᠡᠷᠡᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠠᠵᠢᠯ ᠢ ᠴᠢᠩᠭᠠᠳᠬᠠᠵᠤ᠂ ᠨᠡᠬᠦᠷᠡᠰᠤᠨ ᠤ ᠡᠬᠢ ᠪᠠᠶᠠᠯᠢᠭ ᠤᠨ ᠬᠦᠷᠢᠶᠠᠨ ᠤ ᠬᠠᠤᠯᠢ ᠠᠴᠠ ᠵᠦᠷᠢᠴᠡᠵᠤ ᠲᠦᠷᠢᠮ ᠲᠤᠬᠳᠠᠭᠠᠯ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠤᠪᠤᠶᠢᠯᠭᠠᠨ ᠰᠠᠶᠢᠳᠤᠷ ᠠᠳᠬᠤᠵᠤ᠂ ᠦᠯᠡᠳᠡᠭᠳᠡᠯ ᠢ ᠠᠷᠢᠯᠭᠠᠬᠤ ᠨᠡᠮᠡᠭᠳᠡᠯ ᠢ ᠬᠤᠷᠢᠬᠯᠠᠬᠤ᠂ ᠦᠡᠭᠭᠡᠨ ᠲᠠᠯ᠎ᠡ ᠪᠡ ᠦᠨᠳᠤᠰᠤ ᠶᠢ ᠨᠢ ᠵᠡᠷᠭᠡ ᠪᠠᠷ ᠵᠠᠰᠠᠬᠤ ᠢᠯᠵᠡᠷᠡᠯ ᠢ ᠡᠰᠡᠷᠬᠦᠴᠡᠬᠦ ᠦᠷ᠎ᠡ ᠪᠦᠳᠦᠮᠵᠢ ᠪᠠᠷ ᠠᠷᠠᠳ ᠲᠦᠮᠡᠨ ᠤ ᠢᠳᠡᠭᠡᠯ ᠢ ᠤᠯᠬᠤ ᠭᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠦᠷᠳᠡᠯ᠎ᠡ ᠬᠤᠷᠠᠯᠳᠤᠪᠠ᠃ ᠬᠦᠭᠡᠬᠤᠳᠠ ᠳᠤ ᠪᠠᠶᠢᠭ᠎ᠠ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠡᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠬᠦᠨ᠂ ᠬᠦᠭᠡᠬᠤᠳᠠ ᠳᠤ ᠪᠠᠶᠢᠭ᠎ᠠ ᠦᠪᠡᠷᠳᠡᠭᠡᠨ ᠵᠠᠰᠬᠠᠤ ᠤᠷᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠡᠰᠢᠬᠦᠨ ᠪᠠ ᠤᠯᠤᠰ ᠲᠦᠷᠦ ᠶᠢᠨ ᠵᠦᠪᠯᠡᠯᠭᠡᠨ ᠤ ᠠᠷᠪᠡᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠡ ᠡᠯ᠎ᠡ ᠰᠠᠯᠠᠭ᠎ᠠ ᠮᠦᠴᠢᠷ᠂ ᠬᠦᠭᠡᠬᠤᠳᠠ ᠳᠤ ᠰᠠᠭᠤᠭ᠎ᠠ ᠡᠯ᠎ᠡ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠪᠤᠯᠤᠨ ᠮᠠᠨ ᠤ ᠤᠷᠤᠨ ᠳᠤ ᠰᠠᠭᠤᠭ᠎ᠠ ᠲᠦᠪ ᠤᠨ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠨᠦᠬᠦᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃      ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ ᠵᠡᠷᠭᠡ ᠰᠢᠶᠠᠨ ᠤ ᠲᠠᠰ ᠤᠨ ᠪᠥᠭᠦ ᠤᠳᠤᠷᠢᠳᠤᠯᠭ᠎ᠠ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃
 
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号