︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠳᠤᠳᠠᠭᠤᠳᠠᠯ ᠢ ᠨᠦᠬᠦᠪᠦᠷᠢᠯᠡᠬᠦ ᠠᠰᠠᠭᠤᠳᠠᠯ ᠤᠨ ᠲᠤᠬᠠᠢ︾ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2020-06-02
   6 ᠰᠠᠷ᠎ᠠ ᠶᠢᠨ 1 ᠤ ᠡᠳᠦᠷ ᠬᠡᠪᠯᠡᠭᠳᠡᠬᠦ ᠠᠷᠪᠠᠨ ᠨᠢᠭᠡᠳᠦᠭᠡᠷ ᠬᠤᠭᠤᠴᠠᠭᠠᠨ ᠤ ︽ᠦᠨᠡᠨ︾ ᠰᠡᠳᠭᠦᠯ ᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠳᠤᠳᠠᠭᠤᠳᠠᠯ ᠢ ᠨᠦᠬᠦᠪᠦᠷᠢᠯᠡᠬᠦ ᠠᠰᠠᠭᠤᠳᠠᠯ ᠤᠨ ᠲᠤᠬᠠᠢ︾ ᠶᠢ ᠨᠡᠶᠢᠳᠡᠯᠡᠪᠡ᠃    ᠵᠤᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠡᠮᠡᠴᠡᠯ ᠤᠨ ᠬᠠᠷᠠᠯᠳᠠ ᠪᠠᠨ ᠪᠤᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠲᠡᠤᠬᠡᠳᠤ ᠴᠢᠨᠠᠷᠳᠠᠢ ᠠᠮᠵᠢᠯᠳᠠ ᠤᠯᠵᠠᠢ᠃ ᠦᠭᠡᠷᠡᠴᠢᠯᠡᠯᠳᠡ ᠨᠡᠬᠡᠬᠡᠯᠳᠡ ᠶᠢᠨ ᠡᠬᠢᠨ ᠤ ᠦᠶ᠎ᠠ ᠳᠤ ᠨᠠᠮ ᠤᠨ ᠲᠦᠪ ᠬᠤᠷᠢᠶ᠎ᠠ ᠠᠴᠠ ᠴᠢᠨᠡᠭᠡᠯᠢᠭ ᠨᠡᠶᠢᠭᠡᠮ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠰᠡᠳᠭᠢᠮᠵᠢ ᠶᠢ ᠳᠤᠷᠠᠳᠤᠭᠰᠠᠨ ᠠᠴᠠ ᠨᠠᠭᠠᠰᠢ᠂ ᠬᠡᠳᠦᠨ ᠦᠶ᠎ᠠ ᠶᠢᠨ ᠬᠦᠮᠦᠰ ᠴᠦ᠋ᠬᠦᠷᠡᠰᠢ ᠦᠭᠡᠢ ᠪᠠᠷ ᠬᠦᠴᠦ ᠵᠠᠯᠭᠠᠨ ᠴᠢᠷᠮᠠᠶᠢᠨ ᠲᠡᠮᠡᠴᠡᠭᠰᠡᠨ ᠢᠶᠠᠷ᠂ ᠶᠡᠷᠦᠩᠬᠡᠢ ᠳᠤᠨᠢ ᠠᠪᠴᠤ ᠬᠡᠯᠡᠪᠡᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠳᠠ ᠶᠢ ᠦᠨᠳᠦᠰᠦᠨ ᠳᠡᠭᠡᠨ ᠪᠡᠶᠡᠯᠡᠭᠦᠯᠵᠤ᠂ ᠦᠷ᠎ᠠ ᠪᠦᠳᠦᠮᠵᠢ ᠨᠢ ᠠᠩᠬᠠᠨ ᠤ ᠵᠢᠱᠢᠯᠳᠡ ᠠᠴᠠ ᠴᠤ ᠰᠠᠶᠢᠨ ᠪᠠᠶᠢᠨ᠎ᠠ᠃ ᠡᠨᠡ ᠬᠦ ᠴᠢᠬᠤᠯᠠ ᠮᠠᠭᠠᠳᠯᠠᠯᠳᠠ ᠪᠤᠯ ᠭᠦᠢᠴᠡᠳ ᠦᠨᠳᠦᠰᠦᠯᠡᠯ ᠲᠠᠢ ᠶᠤᠮ ᠃ ᠳᠡᠯᠡᠬᠡᠢ ᠨᠡᠶᠢᠳᠡ ᠪᠠᠷ ᠢᠶᠠᠨ ᠮᠠᠨ ᠤ ᠤᠯᠤᠰ ᠤᠨ ᠬᠦᠭᠵᠢᠯᠳᠡ ᠶᠢᠨ ᠠᠮᠵᠢᠯᠳᠠ ᠶᠢ ᠨᠡᠶᠢᠳᠡᠮ ᠳᠡᠭᠡᠨ ᠮᠠᠭᠳᠠᠨ ᠰᠠᠶᠢᠰᠢᠶᠠᠵᠤ ᠪᠠᠶᠢᠨ᠎ᠠ ᠭᠡᠵᠤ ᠴᠢᠬᠤᠯᠠᠴᠢᠯᠠᠪᠠ᠃    ᠵᠤᠬᠢᠶᠠᠯ ᠳᠤ᠂ ᠤᠳᠤᠬᠠᠨ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠳᠤ ᠮᠦᠨ ᠵᠠᠷᠢᠮ ᠳᠤᠳᠠᠭᠤᠳᠠᠯ ᠪᠠᠶᠢᠨ᠎ᠠ᠂ ᠡᠷᠬᠡᠪᠰᠢ ᠲᠦᠷᠭᠡᠨ ᠨᠦᠬᠦᠪᠦᠷᠢᠯᠡᠬᠦ ᠬᠡᠷᠡᠭᠳᠠᠢ᠃ ᠳᠤᠳᠠᠭᠤᠳᠠᠯ ᠪᠠ ᠪᠠᠭᠤᠷᠠᠢ ᠲᠠᠯ᠎ᠠ ᠪᠠᠷ ᠭᠤᠤᠯᠳᠠᠭᠤᠯᠵᠤ᠂ ᠤᠨᠢᠨ ᠳᠡᠭᠡᠷ᠎ᠠ ᠨᠢ ᠪᠤᠭᠤᠮᠳᠠ ᠰᠢᠪᠳᠤᠯᠬᠤ ᠶᠢ ᠬᠡᠷᠡᠭᠵᠢᠭᠦᠯᠬᠦ ᠬᠡᠷᠡᠭᠳᠠᠢ᠃ ᠠᠵᠢᠯ ᠳᠤᠮᠳᠠ ᠪᠠᠨ ᠳᠤᠤᠷᠠᠬᠢ ᠬᠡᠳᠦᠨ ᠲᠠᠯ᠎ᠠ ᠶᠢᠨ ᠬᠠᠷᠢᠴᠠᠭ᠎ᠠ ᠶᠢ ᠰᠠᠶᠢᠳᠤᠷ ᠡᠵᠡᠮᠳᠡᠬᠦ ᠬᠡᠷᠡᠭᠳᠠᠢ᠃ ᠨᠢᠭᠡ ᠳᠤ᠂ ᠪᠦᠬᠦᠯᠢ ᠴᠤᠭᠴᠠ ᠶᠢᠨ ᠬᠠᠷᠠᠯᠳᠠ ᠪᠠ ᠪᠤᠳᠠᠭᠠᠯᠢ ᠪᠡᠶ᠎ᠠ ᠶᠢᠨ ᠬᠠᠷᠠᠯᠳᠠ ᠶᠢᠨ ᠬᠠᠷᠢᠴᠠᠭ᠎ᠠ ᠶᠢ ᠰᠠᠶᠢᠳᠤᠷ ᠡᠵᠡᠮᠳᠡᠬᠦ ᠬᠡᠷᠡᠭᠳᠠᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠤᠯ ᠤᠯᠤᠰ ᠤᠷᠤᠨ ᠤ ᠪᠦᠬᠦᠯᠢ ᠴᠤᠭᠴᠠ ᠶᠢᠨ ᠬᠠᠷᠠᠯᠳᠠ ᠮᠦᠨ᠂ ᠮᠠᠨ ᠤ ᠤᠯᠤᠰ ᠤᠨ ᠬᠦᠭᠵᠢᠯᠳᠡ ᠲᠡᠩᠴᠡᠭᠦᠷᠢ ᠦᠭᠡᠢ ᠠᠴᠠ ᠬᠤᠳᠠ ᠬᠦᠳᠡᠭᠡ᠂ ᠤᠷᠤᠨ ᠪᠦᠰᠡ᠂ ᠬᠦᠮᠦᠰ ᠤᠨ ᠬᠤᠭᠤᠷᠤᠨᠳᠤ ᠪᠠᠨ ᠤᠷᠤᠯᠭ᠎ᠠ ᠶᠢᠨ ᠵᠦᠷᠢᠶ᠎ᠠ ᠲᠠᠢ ᠪᠠᠶᠢᠬᠤ ᠨᠢ ᠬᠡᠪ ᠤᠨ ᠦᠵᠡᠭᠳᠡᠯ ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠲᠡᠭᠰᠢᠳᠭᠡᠬᠦ ᠦᠵᠡᠯ ᠪᠢᠰᠢ ᠶᠤᠮ᠃ ᠬᠤᠶᠠᠷ ᠲᠤ᠂ ᠬᠠᠷᠢᠴᠠᠯᠠᠰᠢᠭᠦᠢ ᠪᠠᠷᠢᠮᠵᠢᠶ᠎ᠠ ᠪᠤᠯᠤᠨ ᠬᠠᠷᠢᠴᠠᠩᠭᠤᠢ ᠪᠠᠷᠢᠮᠵᠢᠶ᠎ᠠ ᠶᠢᠨ ᠬᠠᠷᠢᠴᠠᠭ᠎ᠠ ᠶᠢ ᠰᠠᠶᠢᠳᠤᠷ ᠡᠵᠡᠮᠳᠡᠬᠦ ᠬᠡᠷᠡᠭᠳᠠᠢ᠃ ᠭᠤᠷᠪᠠ ᠳᠤ᠂ ᠬᠡᠮᠵᠢᠶᠠᠨ ᠤ ᠵᠠᠳᠠᠯᠤᠯᠳᠠ ᠪᠤᠯᠤᠨ ᠴᠢᠨᠠᠷ ᠤᠨ ᠮᠠᠭᠠᠳᠯᠠᠯᠳᠠ ᠶᠢᠨ ᠬᠠᠷᠢᠴᠠᠭ᠎ᠠ ᠶᠢ ᠰᠠᠶᠢᠳᠤᠷ ᠡᠵᠡᠮᠳᠡᠬᠦ ᠬᠡᠷᠡᠭᠳᠠᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠡᠰᠡᠬᠦ ᠶᠢ ᠦᠨᠡᠯᠡᠬᠦ ᠳᠤ ᠬᠡᠮᠵᠢᠶ᠎ᠠ ᠶᠢ ᠦᠵᠡᠬᠦ ᠪᠠᠷ ᠪᠠᠷᠠᠬᠤ ᠦᠭᠡᠢ ᠠᠷᠠᠳ ᠤᠯᠠᠨ ᠤ ᠪᠤᠳᠠᠳᠠᠢ ᠠᠮᠢᠳᠤᠷᠠᠯ ᠤᠨ ᠪᠠᠶᠢᠳᠠᠯ ᠪᠤᠯᠤᠨ ᠪᠤᠳᠠᠳᠠᠢ ᠬᠦᠷᠳᠡᠮᠵᠢ ᠶᠢᠨ ᠲᠦᠷᠦᠭᠳᠡᠯ ᠢ ᠴᠤ ᠭᠦᠢᠴᠡᠳ ᠪᠤᠳᠤᠯᠬᠢᠯᠠᠬᠤ ᠬᠡᠷᠡᠭᠳᠠᠢ᠃ ᠠᠬᠢᠴᠠ ᠶᠢᠨ ᠪᠠᠶᠢᠲᠠᠯ ᠳᠤ ᠰᠢᠨᠵᠢᠯᠡᠬᠦ ᠤᠬᠠᠭᠠᠠᠴᠢ ᠦᠨᠡᠯᠡᠯᠲᠡ ᠬᠢᠭᠰᠡᠨ ᠰᠠᠭᠤᠷᠢᠨ ᠲᠡᠭᠡᠷ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠤᠷᠤᠰᠢᠵᠦ ᠪᠠᠶᠢᠭ᠎ᠠ ᠲᠤᠪᠤᠶᠢᠮ᠎ᠠ ᠲᠤᠲᠠᠭᠤᠲᠠᠯ ᠪᠤᠯᠤᠨ ᠵᠠᠪᠠᠯ ᠪᠡᠶᠡᠯᠡᠭᠦᠯᠬᠦ ᠶᠤᠰᠤᠳᠠᠢ ᠬᠠᠲᠠᠭᠤ ᠡᠬᠦᠷᠭᠡ ᠶᠢ ᠴᠤ ᠨᠠᠷᠢᠨ ᠬᠢᠨᠠᠮᠠᠭᠠᠢ ᠡᠮᠬᠢᠯᠡᠬᠦ ᠭᠡᠷᠡᠭᠲᠡᠢ᠃ ᠬᠦᠮᠦᠨ ᠤ ᠪᠠᠶᠢᠳᠠᠯ ᠠᠴᠠ ᠦᠵᠡᠪᠡᠯ᠂ ᠭᠤᠤᠯᠲᠠᠭᠤ ᠬᠦᠭᠰᠢᠨ ᠪᠠᠭᠤᠷᠠᠢ ᠡᠪᠡᠳᠴᠢᠨ ᠲᠠᠢ ᠵᠡᠮᠲᠡᠭ ᠶᠠᠲᠠᠭᠤ ᠬᠦᠴᠢᠷᠲᠠᠯᠲᠠᠢ ᠬᠦᠮᠦᠨ ᠠᠮᠠ ᠪᠤᠯᠤᠨ᠎ᠠ︔ ᠤᠷᠤᠨ ᠪᠦᠰᠡ ᠶᠢᠨ ᠪᠠᠶᠢᠳᠠᠯ ᠠᠴᠠ ᠠᠪᠴᠤ ᠦᠵᠡᠪᠡᠯ᠂ ᠭᠤᠤᠯᠲᠠᠭᠤ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠪᠤᠯᠤᠨ᠎ᠠ︔ ᠬᠦᠷᠢᠶ᠎ᠠ ᠬᠡᠪᠴᠢᠶ᠎ᠠ ᠠᠴᠠ ᠦᠵᠡᠪᠡᠯ᠂ ᠭᠤᠤᠯᠳᠠᠭᠤ ᠠᠮᠢ ᠠᠬᠤᠢ ᠤᠷᠴᠢᠨ ᠲᠤᠭᠤᠷᠢᠨ᠂ ᠤᠯᠠᠠ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠬᠦᠭᠡᠷᠦᠮᠵᠢ ᠵᠡᠷᠭᠡ ᠲᠠᠯ᠎ᠠ ᠪᠠᠷ ᠢᠯᠡᠷᠬᠡᠢ ᠳᠤᠳᠠᠭᠤᠳᠠᠯ ᠲᠠᠢ ᠭᠡᠵᠦ ᠵᠢᠭᠠᠵᠤ ᠭᠠᠷᠭᠠᠪᠠ᠃    ᠵᠤᠬᠢᠶᠠᠯ ᠳᠤ᠂ ᠲᠠᠪᠠᠭᠤᠯᠢᠭ ᠬᠦᠴᠤᠨ ᠢᠶᠠᠨ ᠲᠦᠪᠯᠡᠷᠡᠭᠦᠯᠦᠨ ᠤᠰᠠᠳᠬᠠᠬᠤ ᠲᠠᠶᠢᠨ ᠬᠢᠬᠦ ᠭᠡᠷᠡᠭᠲᠡᠢ᠃ ᠨᠢᠭᠡ ᠳᠤ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠬᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠭᠤᠤᠯᠲᠠᠯᠭ᠎ᠠ ᠲᠠᠢ ᠭᠠᠵᠠᠷ ᠤᠷᠤᠨ ᠤ ᠤᠷᠴᠢᠨ ᠲᠤᠭᠤᠷᠢᠨ ᠤ ᠪᠤᠬᠢᠷᠲᠤᠯ ᠤᠨ ᠲᠤᠪᠤᠶᠢᠮ᠎ᠠ ᠠᠰᠠᠭᠤᠲᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠭᠤᠷᠪᠠ ᠳᠤ᠂ ᠠᠷᠠᠳ ᠤᠨ ᠠᠮᠢᠲᠤᠷᠠᠯ ᠤᠨ ᠬᠦᠷᠢᠶᠡᠡ ᠳᠠᠬᠢ ᠠᠵᠢᠯ ᠢ ᠱᠠᠯᠠᠪᠳᠠᠨ ᠠᠬᠢᠭᠤᠯᠬᠤ ᠭᠡᠷᠡᠭᠲᠡᠢ᠃ ᠲᠦᠷᠪᠡ ᠳᠤ᠂ ᠨᠡᠶᠢᠭᠡᠮ ᠤᠨ ᠪᠠᠳᠤᠯᠠᠭ᠎ᠠ ᠶᠢᠨ ᠦᠨᠳᠦᠰᠦᠨ ᠵᠦᠢᠯ ᠢ ᠪᠠᠲᠤᠯᠠᠬᠤ ᠲᠤᠭᠲᠠᠴᠠ ᠶᠢ ᠪᠦᠷᠢᠠᠰᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃    ᠵᠤᠬᠢᠶᠠᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠤᠯᠠᠠ ᠲᠠᠯ᠎ᠠ ᠳᠤ ᠬᠤᠯᠪᠤᠭᠲᠠᠬᠤ ᠪᠤᠯᠪᠠᠴᠤ ᠲᠤᠲᠠᠭᠤᠲᠠᠯ ᠢ ᠨᠦᠬᠦᠪᠦᠷᠢᠯᠡᠬᠦ ᠪᠤᠯ ᠬᠠᠲᠠᠭᠤ ᠡᠬᠦᠷᠭᠡ ᠪᠤᠯᠤᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠲᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠡᠯ᠎ᠠ ᠱᠠᠲᠤᠨ ᠤ ᠤᠲᠤᠷᠢᠳᠬᠤ ᠺᠠᠳ᠋ᠷ ᠬᠠᠷᠠᠯᠲᠠ ᠪᠠᠨ ᠪᠠᠲᠤ ᠡᠵᠡᠮᠳᠡᠵᠦ᠂ ᠦᠨᠡᠡ ᠬᠦ ᠠᠳᠬᠤᠠ ᠪᠤᠲᠠᠲᠠᠢ ᠠᠵᠢᠯᠯᠠᠵᠦ᠂ ᠦᠷᠭᠡᠡ ᠤᠯᠠᠠ ᠠᠷᠠᠳ ᠲᠦᠮᠡᠡ ᠢ ᠪᠦᠯᠬᠦᠮᠲᠡᠭᠦᠯᠦᠨ ᠲᠠᠭᠠᠭᠤᠯᠵᠤ ᠪᠠᠶᠢᠭᠠᠳ ᠴᠦᠬᠦᠷᠡᠯ ᠦᠭᠡᠢ ᠴᠢᠷᠮᠠᠶᠢᠨ ᠲᠡᠮᠡᠴᠡᠬᠦ ᠭᠡᠷᠡᠭᠲᠡᠢ᠃ ᠡᠯ᠎ᠠ ᠭᠠᠵᠠᠷ ᠤᠨ ᠬᠦᠭᠵᠢᠯᠲᠠ ᠶᠢᠨ ᠲᠦᠪᠰᠢᠨ ᠵᠦᠷᠢᠶ᠎ᠠ ᠲᠠᠢ ᠪᠤᠯᠬᠤᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠱᠠᠲᠤᠨ ᠤ ᠠᠵᠢᠯ ᠪᠠᠰᠠ ᠲᠤᠰ ᠲᠤᠰ ᠤᠨ ᠭᠤᠤᠯᠲᠠᠯᠭ᠎ᠠ ᠲᠠᠢ ᠪᠠᠶᠢᠪᠠᠯ ᠵᠤᠬᠢᠨ᠎ᠠ᠃ ᠪᠦᠬᠦ ᠨᠡᠶᠢᠭᠡᠮ ᠤᠨ ᠬᠢᠨ ᠢ ᠬᠦᠲᠦᠯᠦᠨ ᠵᠢᠯᠤᠭᠤᠳᠴᠤ ᠪᠠᠶᠢᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠳᠤ ᠵᠦᠪ ᠲᠠᠨᠢᠯᠳᠠ ᠲᠠᠢ ᠪᠤᠯᠭᠠᠵᠤ᠂ ᠮᠦᠨ ᠬᠦ ᠤᠷᠤᠰᠢᠵᠦ ᠪᠠᠶᠢᠭ᠎ᠠ ᠲᠤᠲᠠᠭᠤᠲᠠᠯ ᠪᠤᠯᠤᠨ ᠬᠦᠷᠦᠯᠴᠡᠬᠦ ᠦᠭᠡᠢ ᠲᠠᠯ᠎ᠠ ᠶᠢ ᠦᠨᠡᠡ ᠪᠤᠲᠠᠲᠠᠢ ᠪᠠᠷ ᠲᠤᠰᠬᠠᠵᠦ᠂ ᠰᠠᠶᠢᠨ ᠰᠠᠶᠢᠬᠠᠠ ᠵᠢᠱᠢᠯᠲᠠ ᠶᠢ ᠪᠤᠢ ᠪᠤᠯᠭᠠᠵᠤ᠂ ᠬᠦᠭᠵᠢᠯᠲᠠ ᠶᠢᠨ ᠢᠲᠡᠭᠡᠯ ᠢ ᠪᠠᠲᠤᠳᠬᠠᠬᠤ ᠭᠡᠷᠡᠭᠲᠡᠢ᠃ ᠪᠢᠲᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ︽ᠡᠴᠤᠰ ᠤᠨ ᠨᠢᠭᠡ ᠺᠢᠯᠤᠮᠧᠲᠷ︾ ᠢ ᠰᠠᠶᠢᠨ ᠶᠠᠪᠤᠬᠤ ᠬᠡᠷᠡᠭᠳᠠᠢ ᠪᠦᠭᠡᠳ ᠢᠯᠠᠯᠲᠠ ᠶᠢᠨ ᠡᠷᠴᠢᠨ ᠲᠡᠭᠡᠷ᠎ᠠ ᠪᠠᠨ ᠨᠡᠶᠢᠭᠡᠮ ᠵᠢᠷᠤᠮ ᠤᠨ ᠤᠲᠤᠬᠢᠴᠢᠯᠠᠭᠰᠠᠠ ᠤᠯᠤᠰ ᠢ ᠪᠦᠲᠦᠭᠡᠡ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠤᠷᠭᠠᠨᠢᠭ ᠢᠶᠠᠷ ᠵᠤᠯᠭᠠᠯᠴᠠᠬᠤ ᠶᠢ ᠪᠡᠶᠡᠯᠡᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号