6 ᠰᠠᠷ᠎ᠠ ᠶᠢᠨ 1 ᠤ ᠡᠳᠦᠷ᠂ ᠬᠤᠰᠢᠭᠤ ᠰᠣᠶᠣᠯ ᠪᠠ ᠵᠢᠭᠤᠯᠴᠢᠯᠠᠯ ᠤᠨ ᠳᠣᠪᠴᠢᠶ᠎ᠠ ︽ᠨᠠᠮ ᠤᠨ | ᠰᠣᠷᠭᠠᠭᠤᠯᠢ + ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ︾ ᠰᠣᠶᠣᠯ ᠤᠨ ᠰᠢᠰᠲ᠋ᠧᠮ ᠤᠨ | ᠳᠣᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠣᠷᠢ ᠶᠢ ᠳᠡᠭᠡᠭᠰᠢᠯᠡᠬᠦᠯᠬᠦ ᠪᠣᠯᠪᠠᠰᠣᠷᠠᠯ ᠢ ᠡᠷᠬᠢᠯᠡᠨ | ᠶᠠᠪᠣᠭᠳᠠᠭᠤᠯᠣᠭᠰᠠᠨ ᠪᠠᠶᠢᠨ᠎ᠠ᠃ ᠬᠤᠰᠢᠭᠤ ᠰᠣᠶᠣᠯ ᠪᠠ ᠵᠢᠭᠤᠯᠴᠢᠯᠠᠯ ᠤᠨ ᠳᠣᠪᠴᠢᠶ᠎ᠠ ᠶᠢᠨ ᠣᠳᠣᠷᠢᠳᠬᠤ ᠪᠠᠭ | ᠤᠨ ᠬᠡᠰᠢᠬᠦᠨ᠂ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠪᠦᠬᠦ ᠨᠠᠮ ᠤᠨ ᠬᠡᠰᠢᠬᠦᠨ ᠺᠠᠳ᠋ᠷᠴᠣᠳ ᠵᠢᠴᠢ | ᠣᠯᠠᠭᠠᠨᠮᠦ᠋ᠴᠢᠷ ᠤᠨ ᠪᠦᠬᠦ ᠺᠠᠳ᠋ᠷ ᠠᠵᠢᠯᠳᠠᠳ ᠪᠣᠯᠪᠠᠰᠣᠷᠠᠯ ᠳᠤ ᠣᠷᠣᠯᠴᠠᠪᠠ᠃ | ᠪᠣᠯᠪᠠᠰᠣᠷᠠᠯ ᠳᠤ ᠬᠤᠰᠢᠭᠤ ᠨᠠᠮ ᠤᠨ ᠬᠤᠷᠢᠶᠠᠨ ᠤ ᠨᠠᠮ ᠤᠨ ᠰᠣᠷᠭᠠᠭᠤᠯᠢ ᠶᠢᠨ ᠪᠠᠭᠰᠢ ᠠᠴᠠ ᠪᠦᠬᠦ | ᠣᠯᠣᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ | ᠳᠦᠷᠪᠡᠳᠦᠬᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠ ︽ᠮᠠᠷᠺᠰ ᠤᠨ ᠦᠵᠡᠯ ᠤᠨ ᠦᠵᠡᠯ ᠣᠬᠠᠮᠰᠠᠷ ᠤᠨ | ᠬᠡᠯᠪᠡᠷᠢ ᠶᠢᠨ ᠭᠤᠣᠯᠯᠠᠭᠴᠢ ᠪᠠᠶᠢᠷᠢ ᠰᠠᠭᠤᠷᠢ︾ ᠵᠡᠷᠭᠡ ᠠᠭᠤᠯᠭ᠎ᠠ ᠶᠢᠨ ᠳᠣᠬᠠᠢ ᠳᠠᠶᠢᠯᠦᠮᠵᠢ ᠬᠢᠵᠦ ᠰᠣᠶᠣᠯ | ᠵᠢᠭᠤᠯᠴᠢᠯᠠᠯ ᠤᠨ ᠰᠢᠰᠲ᠋ᠧᠮ ᠤᠨ ᠨᠠᠮ ᠤᠨ ᠬᠡᠰᠢᠬᠦᠨ᠂ ᠣᠳᠣᠷᠢᠳᠬᠤ ᠺᠠᠳ᠋ᠷᠴᠣᠳ ᠤᠨ ᠣᠨᠣᠯ ᠤᠨ ᠰᠣᠷᠣᠯᠴᠠᠯᠭ᠎ᠠ᠂ | ᠮᠡᠳᠡᠯᠬᠡ ᠶᠢᠨ ᠬᠢᠷᠢ ᠳᠦᠪᠰᠢᠨ ᠵᠢᠴᠢ ᠳᠣᠬᠠᠶᠢᠯᠠᠭᠰᠠᠨ ᠠᠵᠢᠯ ᠤᠨ ᠬᠡᠪ ᠰᠣᠷᠳᠠᠯ ᠪᠠ ᠬᠠᠮᠢᠶᠠᠷᠣᠯᠳᠠ ᠶᠢᠨ | ᠴᠢᠳᠠᠪᠣᠷᠢ ᠶᠢ ᠳᠡᠭᠡᠭᠰᠢᠯᠡᠬᠦᠯᠤᠭ᠍ᠰᠡᠨ ᠪᠠᠶᠢᠨ᠎ᠠ᠃ | ᠪᠣᠯᠪᠠᠰᠣᠷᠠᠯ ᠳᠤ ᠴᠢᠬᠤᠯᠠᠴᠢᠯᠠᠬᠤ ᠳᠠᠭᠠᠨ᠂ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠬᠡᠰᠢᠬᠦᠨ | ᠺᠠᠳ᠋ᠷᠴᠣᠳ ᠳᠣᠰ ᠣᠳᠠᠭᠠᠨ ᠤ ᠪᠣᠯᠪᠠᠰᠣᠷᠠᠯ ᠢᠶᠠᠷ ᠦᠵᠡᠯ ᠣᠬᠠᠮᠰᠠᠷ ᠢᠶᠠᠨ ᠳᠡᠭᠡᠭᠰᠢᠯᠡᠬᠦᠯᠣᠨ ᠡᠯ᠎ᠡ ᠵᠦᠢᠯ ᠤᠨ | ᠠᠵᠢᠯ ᠢᠶᠠᠨ ᠰᠠᠶᠢᠳᠣᠷ ᠬᠢᠵᠦ ᠬᠢᠵᠢᠭ ᠢ ᠰᠡᠷᠬᠡᠶᠢᠯᠡᠨ ᠡᠵᠡᠮᠳᠡᠬᠦ ᠪᠠ ᠰᠣᠶᠣᠯ ᠵᠢᠭᠤᠯᠴᠢᠯᠠᠯ ᠤᠨ ᠦᠢᠯᠡᠰ ᠤᠨ | ᠬᠦᠭᠵᠢᠯᠳᠡ ᠳᠤ ᠡᠷᠡᠰ ᠪᠠᠳᠣ ᠣᠶᠣᠨ ᠰᠠᠨᠠᠭᠠᠨ ᠤ ᠳᠣᠯᠭᠠᠭᠤᠷᠢ ᠪᠠ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ | ᠬᠠᠩᠭᠠᠨ ︽ᠠᠷᠪᠠᠨ ᠭᠤᠷᠪᠠᠳᠣᠭᠠᠷ ᠳᠠᠪᠣᠨ ᠵᠢᠯ︾ ᠤᠨ ᠳᠦᠯᠦᠪᠵᠢᠬᠦᠯᠬᠡ ᠶᠢᠨ ᠬᠠᠷᠠᠯᠳᠠ ᠶᠢ ᠠᠮᠵᠢᠯᠳᠠ ᠲᠠᠢ | ᠪᠡᠶᠡᠯᠡᠬᠦᠯᠵᠦ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠳᠦᠷᠪᠡᠳᠦᠬᠡᠷ | ᠳᠠᠪᠣᠨ ᠵᠢᠯ︾ ᠤᠨ ᠳᠦᠯᠦᠪᠵᠢᠬᠦᠯᠬᠡ ᠶᠢᠨ ᠣᠬᠢ ᠰᠠᠶᠢᠨ ᠡᠬᠢᠯᠡᠯᠳᠡ ᠳᠤ ᠪᠠᠳᠣ ᠪᠠᠬᠢ ᠰᠠᠭᠤᠷᠢ ᠬᠠᠩᠭᠠᠬᠤ | ᠬᠡᠷᠡᠭᠲᠡᠢ ᠬᠡᠪᠡ᠃ | | |