ᠮᠠᠨ ᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠥᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠠᠴᠠ ᠰᠤᠷᠤᠯᠴᠠᠵᠤ ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ ᠪᠣᠯᠬᠤ ᠪᠠᠷ ᠴᠢᠷᠮᠠᠶᠢᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-06-02
     ᠣᠶᠢᠷ᠎ᠠ ᠳᠤ ᠮᠠᠨ ᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠪᠥᠬᠦ ᠺᠠᠳ᠋ᠷ ᠠᠵᠢᠯᠲᠠᠨ᠂ ᠬᠡᠰᠡᠭ ᠴᠡᠷᠢᠭ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠵᠤ ᠪᠥᠬᠦ ᠤᠯᠤᠰ ᠤᠨ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠭᠰᠠᠨ ᠠᠷᠪᠠᠨ ᠶᠡᠭᠡ ᠶᠣᠰᠣ ᠰᠤᠷᠲᠠᠬᠤᠨ ᠤ ᠵᠢᠱᠢᠶᠡᠴᠢ ᠶᠢᠨ ᠨᠢᠭᠡ ᠪᠤᠯᠬᠤ ᠤᠯᠠᠭᠠᠨᠴᠡᠴᠡᠭ ᠤᠨ ᠳᠤ ᠬᠦᠷᠴᠦ ︽ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠵᠤ᠂ ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ ᠪᠣᠯᠬᠤ ᠪᠠᠷ ᠴᠢᠷᠮᠠᠶᠢᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠳᠤ ᠤᠯᠠᠨ ᠢᠶᠠᠷ ᠢᠶᠠᠨ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠤᠯᠠᠭᠠᠨᠴᠡᠴᠡᠭ ᠤᠨ ᠰᠡᠳᠬᠢᠯ ᠬᠥᠳᠡᠯᠭᠡᠮ᠎ᠡ ᠲᠡᠷᠢᠭᠦᠨ ᠤ ᠦᠢᠯᠡ ᠠᠵᠢᠯᠯᠠᠭ᠎ᠠ ᠶᠢ ᠰᠣᠨᠣᠰᠤᠭᠰᠠᠨ ᠪᠥᠭᠡᠳ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠡᠢ᠃ ᠤᠯᠠᠨ ᠢᠶᠠᠷ ᠢᠶᠠᠨ ᠤᠯᠠᠭᠠᠨᠴᠡᠴᠡᠭ ᠤᠨ ᠲᠡᠷᠢᠭᠦᠨ ᠤ ᠦᠢᠯᠡ ᠠᠵᠢᠯᠯᠠᠭ᠎ᠠ ᠠᠴᠠ ᠲᠠᠭᠠᠨ ᠰᠤᠷᠤᠯᠴᠠᠵᠤ ᠡᠯ᠎ᠡ ᠵᠦᠢᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ ᠲᠣᠰ ᠪᠡᠶ᠎ᠡ ᠶᠢᠨ ᠶᠣᠰᠣ ᠰᠤᠷᠲᠠᠬᠤᠨ ᠤ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠬᠤᠪᠢ ᠨᠡᠮᠡᠷᠢ ᠦᠵᠡᠭᠦᠯᠦᠨ᠎ᠡ ᠭᠡᠵᠦ ᠢᠯᠠᠷᠭᠡᠶᠢᠯᠠᠵᠤ ᠪᠠᠶᠢᠯ᠎ᠠ᠃ ᠳᠠᠷᠠᠭ᠎ᠠ ᠨᠢ ᠪᠦᠭᠦᠳᠡᠭᠡᠷ ᠢᠶᠠᠨ ᠭᠠᠷ ᠬᠥᠳᠡᠯᠦᠯᠴᠡᠨ ᠤᠯᠠᠭᠠᠨᠴᠡᠴᠡᠭ ᠤᠨ ᠬᠢᠨ ᠢ ᠬᠠᠪᠰᠤᠷᠤᠨ ᠠᠵᠢᠯ ᠬᠢᠵᠦ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠣᠯᠣᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号