ᠮᠠᠨ ᠤ ᠬᠤᠰᠢᠭᠤ ᠴᠡᠴᠡᠷᠯᠢᠭᠵᠢᠬᠦᠯᠦᠯᠲᠡ ᠨᠤᠭᠤᠭᠠᠷᠠᠭᠤᠯᠤᠯᠲᠠ ᠶᠢᠨ ᠠᠵᠢᠯ ᠢ ᠰᠠᠶᠢᠲᠤᠷ ᠬᠢᠵᠤ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠳᠤ ᠥᠩᠭᠡ ᠪᠤᠳᠤᠭ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2020-06-02
     ᠮᠠᠨ ᠤ ᠬᠤᠰᠢᠭᠤ ᠰᠠᠭᠤᠭᠠᠯᠢ ᠠᠷᠠᠳ ᠤᠨ ᠢᠶᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ ᠲᠠᠭᠠᠯᠠᠮᠵᠢᠲᠠᠢ ᠠᠮᠢᠳᠤᠷᠠᠯ ᠤᠨ ᠣᠷᠴᠢᠨ ᠢ ᠪᠦᠷᠢᠯᠳᠦᠭᠦᠯᠬᠦ ᠪᠠᠷ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠠᠵᠢᠯ ᠢ ᠡᠷᠴᠢᠮᠲᠡᠢ ᠥᠷᠨᠢᠭᠦᠯᠵᠦ ᠪᠠᠶᠢᠨ᠎ᠠ᠃      ᠣᠶᠢᠷ᠎ᠠ ᠶᠢᠨ ᠡᠳᠦᠷ ᠮᠠᠨ ᠤ ᠬᠤᠰᠢᠭᠤᠨ ᠤ ᠵᠠᠮ ᠤᠨ ᠬᠤᠶᠠᠷ ᠬᠠᠵᠠᠭᠤ ᠪᠠᠷ ᠬᠤᠸᠠᠷ ᠴᠡᠴᠡᠭ ᠦᠵᠡᠮᠵᠢᠲᠦ ᠮᠣᠳᠤ ᠲᠠᠷᠢᠬᠤ ᠪᠡᠯᠡᠳᠬᠡᠯ ᠠᠵᠢᠯ ᠦᠨᠳᠦᠰᠦᠨ ᠳᠡᠭᠡᠨ ᠳᠠᠭᠤᠰᠴᠤ ᠰᠣᠶᠤᠭ᠎ᠠ ᠰᠠᠭᠤᠯᠭᠠᠵᠤ ᠡᠬᠢᠯᠡᠨ ᠭᠠᠯᠠᠭᠤᠲᠤ ᠪᠠᠯᠭᠠᠰᠤᠨ ᠲᠣᠭᠤᠷᠢᠭ ᠤᠨ ᠵᠡᠭᠡᠯᠢ ᠶᠢᠨ ᠥᠨᠴᠥᠭ ᠤᠨ ᠴᠡᠴᠡᠷᠯᠢᠭ ᠤᠨ ᠠᠵᠢᠯ ᠢ ᠱᠠᠯᠠᠪᠳᠠᠨ ᠬᠢᠵᠦ ᠡᠭᠦᠪᠡᠷ ᠳᠠᠮᠵᠢᠨ ᠵᠡᠭᠡᠯᠢ ᠭᠤᠳᠤᠮᠵᠢ ᠶᠢᠨ ᠦᠵᠡᠮᠵᠢ ᠶᠢᠨ ᠪᠦᠰᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠠᠯᠭᠠᠰᠤᠨ ᠲᠣᠭᠤᠷᠢᠭ ᠤᠨ ᠥᠩᠭᠡ ᠦᠵᠡᠮᠵᠢ ᠶᠢ ᠰᠠᠶᠢᠵᠢᠷᠠᠭᠤᠯᠤᠨ ᠰᠠᠭᠤᠭᠠᠯᠢ ᠠᠷᠠᠳ ᠲᠤ ᠨᠢᠭᠡᠨ ᠴᠡᠴᠡᠷᠯᠢᠭᠵᠢᠭᠰᠡᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠩᠭᠠᠵᠠᠢ᠃      ᠮᠠᠨ ᠤ ᠬᠤᠰᠢᠭᠤ ᠨᠢ ᠪᠠᠰᠠ ᠪᠠᠯᠭᠠᠰᠤᠨ ᠲᠣᠭᠤᠷᠢᠭ ᠤᠨ ᠣᠷᠣᠵᠤ ᠭᠠᠷᠬᠤ ᠡᠭᠦᠳᠡ ᠪᠣᠯᠣᠨ ᠵᠠᠮ ᠱᠤᠭᠤᠮ ᠤᠨ ᠨᠣᠭᠤᠭᠠᠷᠠᠭᠤᠯᠤᠯᠲᠠ ᠥᠭᠡᠷᠡᠴᠢᠯᠡᠯᠲᠡ ᠶᠢ ᠢᠳᠡᠪᠬᠢᠲᠡᠢ ᠬᠢᠵᠦ ᠴᠡᠴᠡᠭ ᠬᠤᠸᠠᠷ᠂ ᠮᠣᠳᠤᠨ ᠤ ᠲᠥᠷᠥᠯ ᠵᠦᠢᠯ ᠢ ᠠᠷᠪᠢᠳᠬᠠᠨ ᠪᠠᠯᠭᠠᠰᠤᠨ ᠲᠣᠭᠤᠷᠢᠭ ᠤᠨ ᠤᠷᠤᠵᠤ ᠭᠠᠷᠬᠤ ᠡᠭᠦᠳᠡ ᠶᠢ ᠨᠢᠭᠡᠨ ᠭᠤᠶᠤ ᠰᠠᠶᠢᠬᠠᠨ ᠦᠵᠡᠮᠵᠢ ᠶᠢᠨ ᠣᠷᠣᠨ ᠪᠣᠯᠭᠠᠬᠤ ᠪᠠᠷ ᠴᠢᠷᠮᠠᠶᠢᠵᠤ ᠪᠤᠢ᠃ ᠣᠳᠣᠬᠠᠨ ᠳᠤ ᠪᠠᠯᠭᠠᠰᠤᠨ ᠲᠣᠭᠤᠷᠢᠭ ᠤᠨ ᠨᠣᠭᠤᠭᠠᠷᠠᠭᠤᠯᠤᠯᠲᠠ ᠤᠨ ᠠᠵᠢᠯ ᠤᠨ ᠶᠡᠷᠦᠩᠬᠡᠢ ᠲᠠᠯᠠᠪᠠᠢ ᠶᠢᠨ40% ᠶᠢ ᠨᠢᠭᠡᠨᠲᠡ ᠪᠡᠶᠡᠯᠡᠭᠦᠯᠥᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠢᠨ ᠥᠪᠡᠷᠲᠡᠭᠡᠨ ᠬᠤᠸᠠᠷ ᠴᠡᠴᠡᠭ ᠪᠣᠶᠢᠵᠢᠭᠤᠯᠬᠤ ᠰᠠᠭᠤᠷᠢᠨ ᠭᠠᠵᠠᠷ ᠲᠠᠢ ᠪᠠᠶᠢᠵᠤ ᠣᠯᠠᠨ ᠲᠥᠷᠥᠯ ᠤᠨ ᠴᠡᠴᠡᠭ ᠪᠠ ᠰᠣᠶᠤᠭ᠎ᠠ ᠮᠤᠳᠤ ᠶᠢ ᠪᠦᠢᠵᠢᠭᠤᠯᠵᠤ ᠲᠣᠰᠬᠠᠶᠢᠯᠠᠨ ᠬᠤᠰᠢᠭᠤᠨ ᠤ ᠪᠠᠨ ᠨᠣᠭᠤᠭᠠᠷᠠᠭᠤᠯᠤᠯᠲᠠ ᠵᠡᠭᠡᠯᠢ ᠭᠤᠳᠤᠮᠵᠢ ᠶᠢᠨ ᠭᠤᠶᠣᠵᠢᠭᠤᠯᠤᠯᠲᠠ ᠳᠤ ᠬᠡᠷᠡᠭᠯᠡᠵᠦ ᠪᠤᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号