ᠮᠠᠨ ᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠴᠠᠭᠳᠠᠭᠠᠨ ᠤ ᠶᠡᠭᠡ ᠠᠩᠭᠢ ᠪᠤᠯᠤᠨ ᠮᠠᠯ | ᠲᠠᠷᠢᠶᠠᠯᠠᠩ ᠤᠨ ᠮᠠᠰᠢᠨᠴᠢᠯᠠᠯᠲᠠ ᠶᠢᠨ ᠣᠶᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ | ᠬᠠᠮᠳᠣᠷᠠᠨ ᠮᠠᠯᠴᠢᠨ ᠲᠠᠷᠢᠶᠠᠴᠢᠨ ᠤ ᠮᠣᠲ᠋ᠣᠷ᠂ ᠲᠷᠠᠺᠲ᠋ᠣᠷ ᠵᠡᠷᠭᠡ ᠶᠢᠨ ᠬᠡᠷᠡᠭᠯᠡᠭᠡᠨ ᠤ ᠮᠠᠰᠢᠨ ᠤ ᠵᠢᠯᠣᠭᠤᠴᠢ ᠶᠢᠨ | ᠦᠨᠡᠮᠯᠠᠯ ᠢ ᠭᠠᠴᠠᠭ᠎ᠠ ᠳᠣᠰᠬᠤᠨ ᠢᠶᠠᠷ ᠨᠢᠭᠡᠴᠢᠯᠡᠨ ᠨᠢᠭᠡᠳᠣᠯᠳᠡᠢ ᠰᠢᠯᠭᠠᠵᠤ ᠵᠠᠮ ᠬᠠᠷᠢᠯᠴᠠᠭ᠎ᠠ᠂ ᠲᠠᠷᠢᠶᠠᠯᠠᠩ | ᠣᠶᠢᠯᠡᠳᠪᠣᠷᠢᠯᠡᠯ ᠤᠨ ᠠᠶᠣᠯᠬᠦᠢ ᠶᠢ ᠪᠡᠳᠣᠯᠠᠬᠤ ᠶᠢᠨ ᠬᠠᠮᠲᠣ ᠣᠯᠠᠨ ᠳᠦᠮᠡᠨ ᠳᠤ ᠳᠦᠭᠦᠮ ᠦᠵᠡᠭᠦᠯᠵᠣ ᠪᠠᠶᠢᠨ᠎ᠠ᠃ | | | | | | | ᠤᠶᠢᠷ᠎ᠠ ᠶᠢᠨ ᠡᠳᠦᠷ᠂ ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭᠠᠨ ᠤ ᠬᠢᠨ ᠬᠤᠰᠢᠭᠤ ᠵᠠᠮ | ᠬᠠᠷᠢᠯᠴᠠᠭᠠᠨ ᠤ ᠬᠠᠮᠢᠶᠠᠷᠣᠯᠲᠠ ᠶᠢᠨ ᠴᠠᠭᠳᠠᠭᠠᠨ ᠤ ᠶᠡᠭᠡ ᠠᠡᠩᠬᠢ ᠲᠠᠢ ᠬᠠᠮᠳᠣᠷᠠᠨ ᠮᠣᠲ᠋ᠣᠷ ᠤᠨ ᠵᠢᠯᠣᠭᠤᠴᠢ ᠶᠢᠨ | ᠦᠨᠡᠮᠯᠡᠯ ᠤᠨ ᠭᠡᠷᠡᠭᠴᠡᠭᠡ ᠲᠠᠢ ᠮᠠᠯᠴᠢᠳ ᠢ ᠵᠣᠬᠢᠶᠠᠨ ᠪᠠᠶᠢᠭᠤᠯᠵᠣ ᠵᠠᠮ ᠬᠠᠷᠢᠯᠴᠠᠭᠠᠨ ᠤ ᠬᠠᠮᠢᠶᠠᠷᠣᠯᠲᠠ ᠶᠢᠨ | ᠴᠠᠭᠳᠠᠭᠠᠨ ᠤ ᠶᠡᠭᠡ ᠠᠡᠩᠬᠢ ᠶᠢᠨ ᠳᠣᠭᠳᠠᠭᠠᠭᠰᠠᠨ ᠵᠢᠯᠣᠭᠤᠴᠢ ᠶᠢᠨ ᠦᠨᠡᠮᠯᠡᠯ ᠰᠢᠯᠭᠠᠬᠤ ᠰᠣᠷᠭᠠᠭᠤᠯᠢ ᠳᠤ ᠬᠦᠷᠴᠣ | ᠨᠡᠷ᠎ᠡ ᠮᠡᠳᠡᠭᠦᠯᠬᠦ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠡᠯ᠎ᠡ ᠭᠤᠭᠴᠤᠭᠠᠨ ᠤ ᠭᠠᠷ ᠭᠦᠢᠴᠡᠳᠭᠡᠯ ᠢᠶᠠᠨ ᠬᠢᠬᠡᠳ | ᠬᠢᠨᠠᠭᠴᠢ ᠴᠠᠭᠳᠠᠭ᠎ᠠ ᠨᠠᠷ ᠤᠨ ᠴᠢᠩᠭ᠎ᠠ ᠬᠠᠮᠢᠶᠠᠷᠣᠯᠲᠠ ᠳᠣᠣᠷ᠎ᠠ ᠣᠨᠣᠯ ᠤᠨ ᠲᠠᠯ᠎ᠠ ᠶᠢᠨ ᠮᠡᠳᠡᠯᠭᠡ ᠶᠢᠨ | ᠰᠢᠯᠭᠠᠯᠲᠠ ᠳᠤ ᠣᠷᠣᠯᠴᠠᠭᠠᠳ ᠶᠠᠭᠠᠷᠠᠵᠣ ᠪᠠᠶᠢᠯ᠎ᠠ᠃ ᠮᠠᠯᠴᠢᠨ ᠴᠢᠮᠡᠳᠳᠤᠷᠵᠢ ᠭᠡᠷ ᠤᠨ ᠬᠤᠭᠤᠷᠣᠨᠳᠣ ᠵᠠᠷᠣᠳᠠᠭ | ᠭᠤᠷᠪᠡᠨ ᠬᠦᠷᠳᠣᠲᠣ ᠮᠣᠲ᠋ᠤᠷ ᠢᠶᠠᠷ ᠭᠠᠳᠠᠭᠰᠢ ᠭᠠᠷᠴᠣ ᠡᠳ᠋ ᠪᠠᠷᠠᠭ᠎ᠠ ᠲᠡᠭᠡᠭᠡᠪᠦᠷᠢᠯᠡᠬᠦ ᠴᠢᠬᠤᠯᠠ ᠲᠠᠢ ᠦᠶᠡᠰ | ᠵᠢᠯᠣᠭᠤᠴᠢ ᠶᠢᠨ ᠦᠨᠡᠮᠯᠡᠯ ᠦᠬᠡᠢ ᠠᠴᠠ ᠪᠤᠯᠵᠤ ᠳᠣᠶᠢᠯ ᠤᠨ ᠲᠦᠬᠦᠮ ᠦᠬᠡᠢ ᠪᠠᠶᠢᠵᠠᠢ᠃ ᠡᠨᠡ ᠤᠳᠠᠭ᠎ᠠ ᠲᠡᠷᠡ | ᠪᠦᠰᠡᠭᠦᠢ ᠲᠠᠢ ᠪᠠᠨ ᠬᠤᠶᠠᠭᠤᠯᠠ ᠪᠠᠨ ᠰᠢᠯᠭᠠᠯᠲᠠ ᠪᠠᠷ ᠳᠠᠮᠵᠢᠨ ᠮᠤᠲ᠋ᠤᠷ ᠤᠨ ᠵᠢᠯᠤᠭᠤᠴᠢ ᠶᠢᠨ ᠦᠨᠡᠮᠯᠡᠯ ᠢ ᠣᠯᠵᠣ | ᠪᠠᠶᠠᠷᠳᠡᠢ ᠪᠠᠶᠢᠯ᠎ᠠ᠃ | | | | | | | ᠮᠠᠯᠴᠢᠨ ᠴᠢᠮᠡᠳᠳᠤᠷᠵᠢ᠄ ︽ᠪᠠᠭ᠎ᠠ ᠲᠡᠷᠭᠡ ᠲᠠᠢ ᠬᠦᠮᠦᠰ ᠮᠤᠲ᠋ᠤᠷ ᠤᠨᠤᠵᠤ ᠪᠤᠯᠬᠤ ᠦᠬᠡᠢ᠃ | ᠰᠠᠷᠠᠭᠤᠯᠨᠤᠲᠤᠭ ᠭᠠᠴᠠᠭ᠎ᠠ ᠮᠤᠲ᠋ᠤᠷ ᠤᠨ ᠵᠢᠯᠤᠭᠤᠴᠢ ᠶᠢᠨ ᠦᠨᠡᠮᠯᠡᠯ ᠦᠬᠡᠢ ᠬᠦᠮᠦᠨ ᠡᠨᠡ ᠤᠳᠠᠭᠠᠨ ᠤ | ᠨᠢᠭᠡᠳᠦᠯᠲᠡᠢ ᠰᠢᠯᠭᠠᠯᠲᠠ ᠪᠠᠷ ᠲᠠᠮᠵᠢᠭᠠᠳ ᠪᠦᠷ ᠵᠢᠯᠤᠭᠤᠴᠢ ᠶᠢᠨ ᠦᠨᠡᠮᠯᠡᠯ ᠤᠯᠤᠭᠠᠳ ᠬᠤᠵᠢᠮ ᠡᠳ᠋ ᠪᠠᠷᠠᠭ᠎ᠠ | ᠲᠡᠭᠡᠭᠡᠵᠦ ᠲᠡᠭᠡᠭᠡᠪᠦᠷᠢᠯᠡᠬᠦ ᠳᠤ ᠶᠡᠭᠡ ᠲᠦᠬᠦᠮ ᠪᠤᠯᠵᠠᠢ︾ ᠭᠡᠪᠡ᠃ | ᠡᠨᠡ ᠣᠳᠠᠭᠠᠨ ᠤ ᠮᠤᠲ᠋ᠤᠷ ᠤᠨ ᠵᠢᠯᠤᠭᠤᠴᠢ ᠶᠢᠨ ᠦᠨᠡᠮᠯᠡᠯ ᠰᠢᠯᠭᠠᠬᠤ ᠠᠵᠢᠯᠯᠠᠭ᠎ᠠ ᠳᠤ ᠰᠠᠷᠠᠭᠤᠯᠨᠤᠲᠤᠭ | ᠭᠠᠴᠠᠭᠠᠨ ᠤ 79 ᠮᠠᠯᠴᠢᠨ ᠤᠷᠤᠯᠴᠠᠵᠤ 49 ᠬᠦᠮᠣᠨ ᠬᠢᠷᠢ ᠲᠡᠩᠴᠡᠨ ᠦᠨᠡᠮᠯᠡᠯ ᠢᠶᠠᠨ ᠭᠠᠷᠳᠠᠯ᠎ᠠ᠃ | | | | | | | ᠣᠶᠢᠷ᠎ᠠ ᠶᠢᠨ ᠡᠳᠣᠷ᠂ ᠮᠣᠲ᠋ᠣᠷ ᠲᠡᠷᠭᠡᠨ ᠤ ᠵᠢᠯᠣᠭᠤᠴᠢ ᠶᠢᠨ ᠦᠨᠠᠮᠯᠠᠯ ᠰᠢᠯᠭᠠᠬᠤ ᠲᠠᠢ ᠠᠳᠠᠯᠢᠬᠠᠨ ᠢᠶᠠᠷ | ᠰᠠᠷᠠᠭᠤᠯᠨᠤᠲᠤᠭ ᠭᠠᠴᠠᠭ᠎ᠠ ᠨᠢ ᠬᠤᠰᠢᠭᠤ ᠮᠠᠯ ᠲᠠᠷᠢᠶᠠᠯᠠᠩ ᠤᠨ ᠮᠠᠰᠢᠨᠴᠢᠯᠠᠯᠲᠠ ᠶᠢᠨ ᠣᠶᠢᠯᠡᠴᠢᠯᠡᠭᠡᠨ ᠤ ᠲᠥᠪ ᠲᠠᠢ | ᠬᠠᠮᠳᠣᠷᠠᠯᠴᠠᠨ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠦᠨᠠᠮᠯᠠᠯ ᠢ ᠨᠢᠭᠡᠳᠣᠯᠳᠠᠢ ᠰᠢᠯᠭᠠᠬᠤ ᠠᠵᠢᠯᠯᠠᠭ᠎ᠠ | ᠦᠷᠨᠢᠭᠦᠯᠵᠣ ᠨᠠᠶᠠ ᠭᠠᠷᠣᠢ ᠮᠠᠯᠴᠢᠨ ᠳᠤ ᠲᠷᠡᠺᠲ᠋ᠣᠷ ᠤᠨ ᠵᠢᠯᠣᠭᠤᠴᠢ ᠶᠢᠨ ᠦᠨᠡᠮᠯᠡᠯ ᠣᠯᠭᠤᠨ ᠲᠠᠷᠢᠶᠠᠯᠠᠩ ᠤᠨ | ᠮᠠᠰᠢᠨ ᠤ ᠵᠠᠮ ᠳᠤ ᠭᠠᠷᠬᠤ ᠪᠣᠯᠣᠨ ᠣᠶᠢᠯᠡᠳᠪᠣᠷᠢᠯᠡᠯ ᠤᠨ ᠠᠶᠣᠯᠬᠦᠢ ᠶᠢ ᠪᠠᠳᠣᠯᠠᠵᠣ ᠪᠠᠶᠢᠨ᠎ᠠ᠃ | ᠰᠠᠷᠠᠭᠤᠯᠨᠤᠲᠤᠭ ᠭᠠᠴᠠᠭᠠᠨ ᠤ ᠨᠠᠮ ᠤᠨ ᠡᠭᠦᠷ ᠤᠨ ᠲᠡᠳ᠋ ᠱᠦᠵᠢ ᠲᠡᠳ᠋ ᠭᠠᠴᠠᠭᠠᠨ ᠲᠠᠷᠤᠭ᠎ᠠ ᠵᠦᠩᠨᠡᠯᠲᠤ᠄ | ︽ᠮᠠᠨ ᠤ ᠰᠠᠷᠠᠭᠤᠯᠨᠤᠲᠤᠭ ᠭᠠᠴᠠᠭᠠᠨ ᠤ ᠮᠠᠯᠴᠢᠳ ᠮᠤᠲ᠋ᠤᠷ ᠲᠡᠷᠭᠡ ᠪᠤᠯᠤᠨ ᠲᠠᠷᠢᠶᠠᠯᠠᠩ ᠤᠨ ᠮᠠᠰᠢᠨᠴᠢᠯᠠᠯᠲᠠ ᠶᠢᠨ | ᠲᠠᠯ᠎ᠠ ᠪᠠᠷ ᠰᠠᠶᠢᠨ ᠤᠶᠢᠯᠠᠭᠠᠬᠤ ᠦᠬᠡᠢ᠃ ᠡᠶᠢᠮᠦ ᠠᠴᠠ ᠲᠤᠰᠬᠠᠢ ᠬᠢᠴᠢᠶᠠᠯ ᠬᠦᠮᠦᠵᠢᠯ᠂ ᠰᠤᠷᠤᠯᠴᠠᠯᠭ᠎ᠠ ᠶᠢᠨ | ᠪᠤᠯᠪᠠᠰᠤᠷᠠᠯ ᠢ ᠬᠠᠩᠭᠠᠵᠤ ᠮᠠᠯᠴᠢᠨ ᠲᠦᠮᠡᠨ ᠤ ᠮᠡᠳᠡᠯᠬᠡ ᠶᠢ ᠨᠡᠮᠡᠭᠳᠡᠭᠦᠯᠤᠨ ᠵᠠᠮ ᠬᠠᠷᠢᠯᠴᠠᠭᠠᠨ ᠤ ᠠᠶᠦᠯᠬᠦᠢ ᠶᠢ | ᠪᠠᠲᠤᠯᠠᠬᠤ ᠶᠢᠨ ᠲᠦᠯᠦᠬᠡ ᠲᠤᠰᠠᠬᠠᠶᠢᠯᠠᠨ ᠡᠨᠡᠬᠦ ᠦᠢᠯᠡᠴᠢᠯᠡᠭᠡ ᠶᠢ ᠬᠠᠩᠭᠠᠯ᠎ᠠ︾ ᠭᠡᠵᠦ ᠪᠠᠶᠢᠯ᠎ᠠ᠃ | | | | | | | ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠨᠢ ᠭᠠᠴᠠᠭ᠎ᠠ | ᠳᠣᠰᠬᠤᠨ ᠲᠠᠢ ᠬᠠᠮᠳᠣᠷᠠᠨ ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠠᠰᠢᠨ ᠤ ᠵᠢᠯᠣᠭᠤᠴᠢ ᠶᠢᠨ ᠦᠨᠡᠮᠯᠡᠯ ᠤᠨ | ᠨᠢᠭᠡᠳᠣᠯᠳᠡᠢ ᠰᠢᠯᠠᠭᠠᠬᠤ ᠪᠣᠶᠣ ᠡᠬᠦᠳᠡᠨ ᠳᠡᠭᠡᠷ᠎ᠡ ᠨᠢ ᠬᠦᠷᠴᠣ ᠰᠢᠯᠭᠠᠬᠤ ᠵᠡᠷᠭᠡ ᠣᠶᠢᠯᠡᠴᠢᠯᠡᠭᠡ ᠬᠠᠩᠭᠠᠵᠦ ᠮᠠᠯᠴᠢᠨ | ᠲᠠᠷᠢᠶᠠᠴᠢᠨ ᠳᠤ ᠳᠦᠬᠦᠮ ᠦᠵᠡᠭᠦᠯᠣᠨ ᠵᠠᠮ ᠬᠠᠷᠢᠯᠴᠠᠭ᠎ᠠ᠂ ᠣᠶᠢᠯᠡᠳᠪᠣᠷᠢᠯᠡᠯ ᠠᠮᠢᠳᠣᠷᠠᠯ ᠤᠨ ᠠᠶᠣᠯᠭᠦᠢ ᠶᠢ | ᠪᠠᠳᠣᠯᠠᠵᠣ ᠪᠠᠶᠢᠨ᠎ᠠ᠃ | ᠬᠤᠰᠢᠭᠤ ᠮᠠᠯ ᠲᠠᠷᠢᠶᠠᠯᠠᠩ ᠤᠨ ᠮᠠᠰᠢᠨᠴᠢᠯᠠᠯᠲᠠ ᠶᠢᠨ ᠣᠶᠢᠯᠡᠴᠢᠯᠡᠭᠡᠨ ᠤ ᠲᠥᠪ ᠤᠨ ᠠᠵᠢᠯᠳᠠᠨ ᠪᠠᠶᠠᠨᠰᠠᠩ᠄ | ︽ᠺᠤᠮᠫᠠᠨᠢ ᠪᠤᠶᠤ ᠪᠤᠰᠤᠳ ᠥᠭᠡᠷ᠎ᠡ ᠭᠠᠵᠠᠷ ᠤᠳ ᠲᠤ ᠲᠷᠡᠺᠲ᠋ᠣᠷ ᠪᠣᠯᠣᠨ ᠬᠤᠷᠢᠶᠠᠯᠳᠠ ᠶᠢᠨ ᠮᠠᠰᠢᠨ ᠢ ᠬᠡᠷᠡᠭᠯᠡᠬᠦ | ᠳᠤ ᠵᠠᠪᠠᠯ ᠦᠨᠡᠮᠯᠠᠯ ᠲᠠᠢ ᠪᠠᠶᠢᠬᠤ ᠶᠢ ᠴᠢᠬᠤᠯᠠᠴᠢᠯᠠᠳᠠᠭ᠃ ᠡᠶᠢᠮᠦ ᠠᠴᠠ ᠦᠨᠡᠮᠯᠠᠯ ᠲᠠᠢ ᠪᠤᠯᠤᠭᠰᠠᠭᠠᠷ ᠬᠤᠵᠢᠮ ᠠᠯᠢ | ᠭᠠᠵᠠᠷ ᠬᠠᠮᠢᠭ᠎ᠠ ᠴᠦ ᠬᠡᠰᠡᠨ ᠠᠵᠢᠯ ᠣᠯᠬᠤ ᠳᠤ ᠪᠦᠷ ᠳᠥᠭᠦᠮ ᠪᠤᠯᠤᠨ᠎ᠠ︾ ᠬᠡᠪᠡ᠃ | | | | |