ᠰᠢ ᠶᠢᠨ ᠫᠢᠩ᠄ ᠬᠠᠷᠠᠯᠲᠠ ᠪᠠᠷ ᠤᠲᠤᠷᠢᠲᠤᠮᠵᠢ ᠪᠤᠯᠭᠠᠬᠤ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠦᠷ᠎ᠠ ᠳ᠋ᠦᠩ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠭᠦᠯᠤᠨ ᠮᠠᠠ ᠤ ᠴᠡᠷᠢᠭ ᠤᠨ ᠪᠠᠶᠢᠭᠤᠯᠤᠯᠲᠠ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2020-06-22
     ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠵᠦᠪᠰᠢᠶᠡᠷᠡᠯ ᠢᠶᠠᠷ᠂ ᠪᠦᠬᠦ ᠴᠡᠷᠢᠭ ᠤᠨ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠯᠡᠷᠡᠩᠭᠦᠢ ᠪᠤᠯᠪᠠᠰᠤᠷᠠᠯ ᠤᠢᠢᠷ᠎ᠠ ᠳᠤ ᠲᠧᠯᠸᠢᠰ ᠬᠤᠷᠠᠯ ᠤᠨ ᠰᠢᠰᠲ᠋ᠧᠮ ᠢᠶᠠᠷ ᠲᠠᠮᠵᠢᠨ ᠶᠠᠪᠤᠭᠲᠠᠵᠠᠢ᠃ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ‌‍ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠦᠭᠴᠤ᠂ ᠪᠦᠬᠦ ᠴᠡᠷᠢᠭ ᠤᠨ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠯᠡᠷᠡᠩᠭᠦᠢ ᠪᠤᠯᠪᠠᠰᠤᠷᠠᠯ ᠢ ᠬᠢᠬᠦ ᠨᠢ ᠮᠠᠰᠢ ᠠᠴᠢ ᠬᠤᠯᠪᠤᠭᠲᠠᠯ ᠲᠠᠢ ᠶᠤᠮ᠂ ᠨᠢᠮᠪᠠᠢ ᠰᠠᠶᠢᠲᠤᠷ ᠵᠤᠬᠢᠶᠠᠠ ᠪᠠᠶᠢᠭᠤᠯᠬᠤ ᠭᠡᠷᠡᠭᠲᠡᠢ᠃ ᠬᠠᠷᠠᠯᠲᠠ ᠪᠠᠷ ᠤᠲᠤᠷᠢᠲᠤᠮᠵᠢ ᠪᠤᠯᠭᠠᠬᠤ᠂ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ᠂ ᠦᠷ᠎ᠠ ᠳ᠋ᠦᠩ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ᠂ ᠬᠠᠮᠢᠶᠠᠷᠤᠯᠲᠠ ᠶᠢᠨ ᠤᠢᠢᠯᠠᠭᠠᠭᠲᠠᠬᠤᠨ ᠢᠶᠠᠨ ᠴᠢᠷᠮᠠᠶᠢᠨ ᠰᠢᠨᠡᠴᠢᠯᠡᠵᠦ ᠪᠠᠶᠢᠯᠲᠤᠬᠤ ᠪᠤᠲᠤᠯᠭ᠎ᠠ ᠶᠢᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠦᠨ᠂ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠷᠢᠮ ᠲᠤᠭᠲᠠᠴᠠ ᠶᠢ ᠴᠢᠷᠮᠠᠶᠢᠨ ᠪᠦᠷᠢᠠᠰᠢᠭᠦᠯᠤᠨ ᠲᠡᠭᠦᠯᠲᠡᠷᠵᠢᠭᠦᠯᠵᠦ᠂ ᠮᠠᠠ ᠤ ᠴᠡᠷᠢᠭ ᠤᠨ ︽ᠠᠷᠪᠠᠠ ᠭᠤᠷᠪᠠᠲᠤᠭᠠᠷ ᠲᠠᠪᠤᠠ ᠵᠢᠯ︾ ᠤᠨ ᠲᠦᠯᠦᠪᠵᠢᠭᠦᠯᠭᠡ ᠶᠢ ᠨᠠᠶᠢᠲᠠᠪᠤᠷᠢᠵᠢᠭᠤᠯᠬᠤ ᠪᠠ ︽ᠠᠷᠪᠠᠠ ᠲᠦᠷᠪᠡᠲᠦᠭᠡᠷ ᠲᠠᠪᠤᠠ ᠵᠢᠯ︾ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠴᠢᠷᠮᠠᠶᠢᠨ ᠠᠬᠢᠭᠤᠯᠬᠤ ᠭᠡᠷᠡᠭᠲᠡᠢ᠃ ᠴᠡᠷᠢᠭ ᠤᠨ ᠶᠠᠪᠤᠲᠠᠯ ᠤᠨ ᠬᠤᠷᠢᠶᠠᠠ ᠤ ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠡᠯ᠎ᠠ ᠲᠤᠮᠤ ᠨᠢᠭᠡᠴᠢ ᠶᠢᠨ ᠬᠢᠨ ᠲᠦᠪᠯᠡᠷᠡᠩᠭᠦᠢ ᠪᠤᠯᠪᠠᠰᠤᠷᠠᠯ ᠤᠨ ᠦᠷ᠎ᠡ ᠪᠦᠳᠦᠭᠡᠯ ᠢ ᠰᠤᠷᠤᠯᠴᠠᠠ ᠠᠰᠢᠬᠯᠠᠬᠤ ᠠᠵᠢᠯ ᠢ ᠰᠠᠶᠢᠲᠤᠷ ᠬᠢᠵᠦ᠂ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠰᠢᠨ ᠢᠶᠠᠨ ᠴᠢᠷᠮᠠᠶᠢᠨ ᠲᠡᠭᠡᠭᠰᠢᠯᠡᠭᠦᠯᠵᠦ᠂ ᠮᠠᠠ ᠤ ᠴᠡᠷᠢᠭ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠦᠭᠵᠢᠯᠳᠡ ᠶᠢ ᠲᠠᠰᠤᠷᠠᠯᠲᠠ ᠦᠭᠡᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠳ᠋ ᠲᠡᠷᠢᠭᠦᠯᠡᠭᠴᠢ ᠰᠢᠤᠢ ᠴᠢ ᠯᠢᠶᠠᠩ᠂ ᠵᠠᠩ ᠶᠢᠤ ᠰᠢᠶᠠ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠭᠡᠰᠢᠭᠦᠨ ᠸᠧᠢ ᠹᠧᠩ ᠡᡁᠧ᠂ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠲᠦᠪᠯᠡᠷᠡᠩᠭᠦᠢ ᠪᠤᠯᠪᠠᠰᠤᠷᠠᠯ ᠤᠨ ᠠᠵᠢᠯᠯᠠᠭ᠎ᠠ ᠳᠤ ᠤᠷᠤᠯᠴᠠᠵᠠᠢ᠃ ᠴᠡᠷᠢᠭ ᠤᠨ ᠶᠠᠪᠤᠲᠠᠯ ᠤᠨ ᠬᠤᠷᠢᠶᠠᠠ ᠤ ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠡᠯ᠎ᠠ ᠲᠤᠮᠤ ᠨᠢᠭᠡᠴᠢ ᠶᠢᠨ ᠬᠤᠯᠪᠤᠭᠲᠠᠯ ᠪᠦᠬᠦᠢ ᠤᠲᠤᠷᠢᠲᠤᠯᠭ᠎ᠠ ᠲᠤᠰ ᠲᠤᠰ ᠭᠤᠤᠯ ᠬᠤᠷᠠᠯ ᠤᠨ ᠲᠠᠯᠠᠪᠠᠢ ᠪᠠ ᠬᠤᠪᠢᠶᠠᠷᠢ ᠬᠤᠷᠠᠯ ᠤᠨ ᠲᠠᠯᠠᠪᠠᠢ ᠳᠤ ᠪᠤᠯᠪᠠᠰᠤᠷᠠᠯ ᠳᠤ ᠤᠷᠤᠯᠴᠠᠭᠰᠠᠠ ᠪᠠᠶᠢᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号