ᠦᠥᠰᠢᠨ ᠬᠤᠰᠢᠭᠤ ᠪᠣᠯ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠮᠤᠭ ᠡᠮᠦᠨ᠎ᠡ ᠬᠡᠰᠡᠭ᠂ | ᠮᠣᠣᠠᠣᠰᠤᠨ ᠡᠯᠡᠰᠦᠨ ᠴᠦᠯ ᠤᠨ ᠡᠯᠢᠭᠡᠨ ᠳᠤ ᠪᠠᠶᠢᠷᠢᠯᠠᠵᠤ᠂ ᠥᠪᠥᠷ ᠮᠤᠩᠭᠤᠯ ᠱᠠᠨᠰᠢ ᠨᠢᠩᠰᠢᠶᠠ ᠶᠢᠨ | ᠡᠨᠧᠷᠬᠢ ᠶᠢᠨ ᠰᠣᠷᠪᠤᠯᠵᠢ ᠶᠢᠨ ᠭᠤᠷᠪᠠᠯᠵᠢᠨ ᠪᠦᠰᠡ ᠶᠢᠨ ᠭᠤᠣᠯᠯᠠᠭᠴᠢ ᠣᠷᠣᠨ ᠳᠤ ᠪᠠᠶᠢᠭ᠎ᠠ ᠥᠪᠡᠷᠳᠡᠭᠡᠨ ᠵᠠᠰᠠᠬᠤ | ᠣᠷᠣᠨ ᠤ ︽ᠡᠮᠦᠨ᠎ᠡ ᠡᠬᠦᠳᠡ︾᠂ ᠱᠠᠨᠰᠢ ᠮᠤᠵᠢ ᠶᠢᠨ ᠲᠡᠮᠡᠭᠡᠲᠤ ᠬᠤᠲᠠ ᠶᠢᠨ ᠢᠦᠢ ᠶᠠᠩ ᠲᠣᠭᠤᠷᠢᠭ᠂ ᠾᠧᠩ | ᠱᠠᠨ ᠲᠣᠭᠤᠷᠢᠭ᠂ ᠵᠢᠩᠪᠢᠶᠡᠨ ᠰᠢᠶᠡᠨ ᠵᠡᠷᠭᠡ ᠭᠠᠵᠠᠷ ᠲᠠᠢ ᠬᠦᠷᠰᠢᠯᠡᠵᠤ᠂ ᠱᠠᠨᠰᠢ ᠮᠤᠵᠢ ᠶᠢᠨ ᠵᠠᠰᠠᠭ ᠵᠠᠬᠢᠷᠭᠠᠨ ᠤ | ᠣᠷᠣᠨ ᠲᠠᠢ 283 ᠺᠢᠯᠦᠮᠧᠲᠷ ᠬᠢᠯᠢ ᠵᠠᠯᠭᠠᠯᠳᠤᠵᠤ ᠪᠤᠢ᠃ ᠪᠦᠬᠦ ᠬᠤᠰᠢᠭᠤᠨ ᠤ ᠶᠡᠷᠥᠩᠬᠡᠢ ᠲᠠᠯᠠᠪᠡᠢ ᠨᠢ | 11645 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠵᠠᠰᠠᠭ ᠵᠠᠬᠢᠷᠭᠠᠨ ᠤ ᠣᠷᠣᠨ ᠨᠢ ᠵᠠᠬᠦᠨᠰᠢ ᠪᠠᠷᠠᠭᠤᠨᠰᠢ ᠪᠠᠨ | 104 ᠺᠢᠯᠦᠮᠧᠲᠷ᠂ ᠡᠮᠦᠨᠡᠰᠢ ᠤᠮᠠᠷᠠᠰᠢ ᠪᠠᠨ 194 ᠺᠢᠯᠦᠮᠧᠲᠷ ᠪᠤᠢ᠂ ᠬᠠᠷᠢᠶᠠᠨ ᠳᠠᠭᠠᠨ 6 ᠰᠤᠮᠤ ᠪᠠᠯᠭᠠᠰᠤ᠂ | 61 ᠭᠠᠴᠠᠭ᠎ᠠ ᠲᠣᠰᠬᠤᠨ ᠲᠠᠢ ᠪᠠᠶᠢᠵᠤ᠂ ᠶᠡᠷᠥᠩᠬᠡᠢ ᠬᠦᠮᠦᠨ ᠠᠮᠠ ᠨᠢ 13.27 ᠲᠦᠮᠡ᠂ ᠡᠬᠦᠨ ᠳᠤ ᠮᠠᠯᠵᠢᠬᠤ | ᠲᠠᠷᠢᠶᠠᠯᠠᠬᠤ ᠣᠷᠣᠨ ᠤ ᠬᠦᠮᠦᠨ ᠠᠮᠠ 6.3 ᠲᠦᠮᠡ ᠪᠠᠶᠢᠨ᠎ᠠ᠃ ᠦᠥᠰᠢᠨ ᠬᠤᠰᠢᠭᠤ ᠨᠢ ᠦᠨᠢ ᠣᠳᠠᠭᠠᠨ ᠲᠡᠦᠬᠡ | ᠰᠣᠷᠪᠤᠯᠵᠢ᠂ ᠭᠦᠨ ᠵᠤᠵᠠᠭᠠᠨ ᠰᠣᠶᠣᠯ ᠤᠨ ᠠᠭᠤᠯᠬᠤᠨ᠂ ᠢᠷᠠᠭᠤ ᠠᠯᠳᠠᠷᠲᠣ ᠬᠤᠪᠢᠰᠬᠠᠯ ᠤᠨ ᠣᠯᠠᠮᠵᠢᠯᠠᠯ ᠲᠠᠢ | ᠪᠠᠶᠢᠵᠤ ᠲᠡᠯᠡᠬᠡᠢ ᠳ᠋ᠠᠬᠢᠨ᠎ᠠ ᠠᠯᠳᠠᠷᠰᠢᠭᠰᠠᠨ ︽ᠣᠷᠳᠣᠰ ︵ᠪᠣᠷᠣᠳᠣᠬᠤᠢ︶ ᠬᠦᠮᠦᠨ︾ ᠤ ᠦᠯᠦᠬᠡᠢ ᠨᠤᠲᠤᠭ ᠪᠠ ︽ | ᠲᠤᠭᠤᠶᠢᠯᠠᠩ ᠤᠨ ᠬᠦᠳᠡᠯᠭᠡᠭᠡᠨ︾ ᠤ ᠭᠤᠯᠤᠮᠲᠠ ᠤᠷᠤᠨ ᠮᠦᠨ᠂ ᠮᠦᠨᠴᠦ ᠪᠦᠬᠦ ᠣᠷᠣᠨ ᠤ ᠤᠪᠢᠰᠬᠠᠯ ᠤᠨ ᠡᠷᠲᠡ | ᠴᠢᠯᠦᠭᠡᠯᠡᠭᠳᠡᠭᠰᠡᠨ ᠣᠷᠣᠨ ᠤ ᠨᠢᠭᠡ ᠪᠤᠯᠤᠨ᠎ᠠ᠃ ᠬᠤᠰᠢᠭᠤᠨ ᠤ ᠡᠬᠢ ᠪᠠᠶᠠᠯᠢᠭ ᠡᠯᠪᠡᠭ ᠲᠡᠯᠪᠡᠭ ᠪᠠᠶᠢᠵᠤ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠶᠢᠨ ᠲᠤᠳᠤᠯᠠᠭᠰᠠᠨ ᠬᠠᠳᠠᠭᠠᠯᠠᠭᠳᠠᠴᠠ ᠨᠢ 1.2 ᠲᠦᠮᠡᠨ ᠳ᠋ᠥᠩᠰᠢᠭᠤᠷ | ᠪᠣᠰᠤᠭ᠎ᠠ ᠲᠦᠷᠪᠡᠯᠵᠢᠨ ᠮᠧᠲᠷ᠂ ᠨᠡᠬᠦᠷᠡᠰᠦᠨ ᠤ ᠬᠠᠶᠢᠨ ᠲᠤᠳᠤᠯᠠᠭᠰᠠᠨ ᠬᠠᠳᠠᠭᠠᠯᠠᠭᠳᠠᠴᠠ ᠨᠢ 650 ᠳ᠋ᠥᠩᠰᠢᠭᠤᠷ | ᠲᠣᠠ᠂ ᠣᠰᠣᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 7.75 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ | ᠪᠤᠢ᠃ ᠣᠳᠣ ᠪᠠᠶᠢᠭ᠎ᠠ ᠣᠰᠣᠨ ᠭᠠᠵᠠᠷ 65 ᠲᠦᠮᠡᠨ ᠮᠦ᠂ ᠦᠨᠳᠦᠰᠥᠨ ᠨᠤᠲᠤᠭ ᠪᠡᠯᠴᠢᠭᠡᠷ 1060 ᠲᠦᠮᠡᠨ | ᠮᠦ᠂ ᠣᠢ ᠰᠢᠭᠤᠢ ᠶᠢᠨ ᠡᠬᠢ ᠪᠠᠶᠠᠯᠢᠭ ᠤᠨ ᠲᠠᠯᠠᠪᠠᠢ 570 ᠲᠦᠮᠡᠨ ᠮᠦ᠂ ᠥᠢᠲᠤ ᠭᠠᠵᠠᠷ ᠤᠨ ᠲᠠᠯᠠᠪᠡᠢ 896 | ᠲᠦᠮᠡᠨ ᠮᠦ ᠪᠠᠶᠢᠵᠤ᠂ ᠣᠷᠭᠤᠮᠠᠯ ᠤᠨ ᠪᠦᠷᠬᠦᠴᠡ ᠶᠢᠨ ᠨᠣᠷᠮ᠎ᠠ 80% ᠳᠤ ᠬᠦᠷᠦᠨ ᠣᠢ ᠰᠢᠭᠤᠢ ᠶᠢᠨ | ᠪᠦᠷᠬᠦᠴᠡ ᠶᠢᠨ ᠨᠣᠷᠮ᠎ᠠ 32.9% ᠳᠤ ᠬᠦᠷᠪᠡ᠃ | ᠣᠷᠴᠢᠮ ᠤᠨ ᠵᠢᠯ ᠠᠴᠠ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠦᠪᠣᠷ ᠮᠣᠩᠭᠤᠯ ᠤᠨ | ᠠᠵᠢᠯ ᠳᠤ ᠳᠠᠯᠪᠢᠭᠰᠠᠨ ᠴᠢᠬᠤᠯᠠ ᠶᠠᠷᠢᠶ᠎ᠠ ᠪᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠯᠳᠣᠬᠤ ᠪᠣᠳᠣᠯᠭ᠎ᠠ ᠶᠢᠨ ᠪᠠᠶᠢᠷᠢ ᠳᠣᠭᠳᠠᠭᠠᠯᠳᠠ ᠵᠢᠴᠢ ᠬᠠᠳᠣᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠡᠷ ᠰᠠᠶᠢᠳᠠᠢ ᠬᠦᠭᠵᠢᠯᠳᠡ ᠶᠢᠨ ᠴᠢᠬᠤᠯᠠ ᠶᠡᠭᠡ | ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠣᠨᠣᠪᠴᠢᠳᠠᠢ ᠡᠵᠡᠮᠳᠡᠵᠣ ᠠᠮᠢ ᠠᠬᠤᠢ ᠶᠢ ᠳᠠᠷᠢᠬᠦᠨ ᠪᠠᠶᠢᠷᠢᠨ | ᠳᠤ ᠳᠠᠯᠪᠢᠨ ᠪᠣᠬᠢᠷᠳᠣᠯ ᠦᠬᠡᠢ ᠬᠦᠭᠵᠢᠯᠳᠡ ᠪᠠᠷ ᠣᠳᠣᠷᠢᠳᠣᠭᠤᠯᠣᠭᠰᠠᠨ ᠴᠢᠨᠡᠷ ᠰᠠᠶᠢᠳᠠᠢ ᠬᠦᠭᠵᠢᠯᠳᠡ ᠶᠢᠨ ᠵᠠᠮ | ᠢᠶᠠᠷ ᠵᠠᠮᠨᠠᠵᠣ ᠠᠮᠢ ᠠᠬᠤᠢ ᠶᠢᠨ ᠳᠠᠭᠠᠭᠤᠯᠣᠭᠴᠢ᠂ ᠣᠳᠣ ᠦᠶ᠎ᠡ ᠶᠢᠨ ᠡᠨᠧᠷᠬᠢ ᠶᠢᠨ ᠠᠵᠣ ᠠᠬᠤᠢ ᠶᠢᠨ ᠰᠢᠨ᠎ᠡ | ᠣᠷᠣᠨ᠂ ᠪᠣᠬᠢᠷᠳᠣᠯ ᠦᠬᠡᠢ ᠮᠠᠯ ᠳᠠᠷᠢᠶᠠᠯᠠᠩ ᠤᠨ ᠪᠦᠳᠦᠬᠡᠭᠳᠡᠬᠦᠨ ᠤ ᠳᠠᠪᠠᠭᠤᠯᠢᠭ ᠲᠠᠢ ᠣᠷᠣᠨ᠂ ᠣᠳᠣ ᠦᠶ᠎ᠡ | ᠶᠢᠨ ᠣᠶᠢᠯᠡᠴᠢᠯᠡᠬᠡᠨ ᠲᠦᠪᠯᠡᠷᠡᠭᠰᠡᠨ ᠣᠷᠣᠨ᠂ ᠦᠨᠳᠣᠰᠣᠳᠠᠨ ᠤ ᠪᠦᠯᠬᠦᠮᠳᠠᠯ ᠤᠨ ᠵᠢᠱᠢᠶᠠᠴᠢ ᠣᠷᠣᠨ ᠢ ᠪᠦᠳᠦᠬᠡᠨ | ᠪᠠᠶᠢᠭᠤᠯᠵᠣ᠂ ᠨᠢᠬᠡᠳᠣᠬᠡᠷ ᠬᠤᠶᠠᠳᠣᠭᠠᠷ ᠭᠤᠷᠪᠠᠳᠣᠭᠠᠷ ᠠᠵᠣ ᠣᠶᠢᠯᠡᠰ ᠤᠨ ᠵᠣᠬᠢᠴᠠᠩᠭᠤᠢ ᠬᠦᠭᠵᠢᠯᠳᠡ ᠶᠢ | ᠠᠬᠢᠭᠤᠯᠣᠨ ᠬᠦᠭᠵᠢᠯᠳᠡ ᠶᠢᠨ ᠬᠢᠷᠢ ᠲᠦᠪᠰᠢᠨ ᠢᠶᠠᠷ ᠨᠡᠩ ᠦᠨᠳᠣᠷ᠂ ᠠᠮᠢ ᠠᠬᠤᠢ ᠣᠷᠴᠢᠨ ᠳᠣᠭᠤᠷᠢᠨ ᠨᠢ ᠨᠡᠩ | ᠦᠵᠡᠰᠬᠦᠯᠡᠩ᠂ ᠠᠷᠠᠳ ᠤᠨ ᠠᠮᠢᠳᠣᠷᠠᠯ ᠨᠢ ᠨᠡᠩ ᠰᠠᠶᠢᠨ ᠨᠣᠮᠢᠨ ᠳᠠᠩᠰᠤᠭ ᠦᠣᠰᠢᠨ ᠨᠣᠳᠤᠭ ᠡᠬᠡ ᠣᠷᠣᠨ ᠤ | ᠣᠮᠠᠷᠠᠳᠣ ᠶᠢᠨ ᠦᠵᠡᠰᠬᠦᠯᠡᠩᠳᠣ ᠰᠠᠶᠢᠬᠠᠨ ᠦᠵᠡᠮᠵᠢ ᠶᠢᠨ ᠣᠷᠣᠨ ᠳᠤ ᠬᠦᠭᠵᠢᠨ ᠮᠠᠨᠳᠣᠵᠣ ᠪᠠᠶᠢᠨ᠎ᠠ᠃ |