ᠭᠠᠯᠠᠭᠤᠲᠤ ᠪᠠᠯᠭᠠᠰᠤ ᠪᠤᠯ ᠦᠤᠰᠢᠨ ᠬᠤᠰᠢᠭᠤᠨ ᠤ ᠵᠠᠰᠠᠭ ᠤᠨ ᠤᠷᠲᠤᠨ ᠪᠠᠶᠢᠭ᠎ᠠ ᠭᠠᠵᠠᠷ᠂ ᠤᠤᠯ ᠤᠨ | ᠪᠠᠶᠠᠨᠴᠠᠶᠢᠲᠠᠮ ᠰᠢᠶᠠᠩ᠂ ᠲᠠᠪᠴᠠᠭ ᠪᠠᠯᠭᠠᠰᠤ ᠪᠠ ᠭᠠᠯᠠᠭᠤᠲᠤ ᠰᠤᠮᠤ ᠢ ᠤᠷᠢᠳ ᠬᠤᠵᠢᠳ ᠨᠢᠭᠡᠳᠭᠡᠨ | ᠪᠠᠶᠢᠭᠤᠯᠤᠬᠰᠡᠨ ᠪᠠᠯᠭᠠᠰᠤ ᠪᠠᠶᠢᠵᠤ᠂ ᠪᠦᠭᠦ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠤᠶᠤᠯ᠂ ᠮᠡᠲᠡᠭᠡ | ᠵᠠᠩᠭᠢ᠂ ᠠᠷᠠᠯᠵᠢᠶ᠎ᠠ ᠬᠤᠲᠠᠯᠲᠤᠭᠠᠨ ᠤ ᠲᠦᠪ ᠪᠤᠯᠤᠨ᠎ᠠ᠃ ᠡᠮᠤᠨᠡᠰᠢ ᠱᠠᠨᠰᠢ ᠮᠤᠵᠢ ᠶᠢᠨ ᠲᠡᠮᠡᠭᠡᠲᠤ ᠬᠤᠲᠠ ᠠᠴᠠ | 100 ᠺᠢᠯᠤᠮᠧᠲᠷ᠂ ᠵᠡᠭᠦᠨᠰᠢ ᠤᠷᠲᠤᠰ ᠬᠤᠲᠠ ᠶᠢᠨ ᠭᠢᠶ᠎ᠠ ᠪᠠᠭᠰᠢ ᠲᠤᠭᠤᠷᠢᠭ ᠠᠴᠠ 160 ᠺᠢᠯᠤᠮᠧᠲᠷ ᠵᠠᠢ ᠲᠠᠢ᠂ | ᠵᠠᠰᠠᠭ ᠵᠠᠭᠢᠷᠭᠠᠨ ᠤ ᠶᠡᠷᠤᠩᠭᠡᠢ ᠲᠠᠯᠠᠪᠠᠢ 2309.4 ᠲᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠤ 12 | ᠭᠠᠴᠠᠭ᠎ᠠ ᠲᠤᠰᠬᠤᠨ᠂ 6 ᠨᠡᠶᠢᠭᠡᠮ ᠲᠤᠭᠤᠷᠢᠭ ᠲᠠᠢ᠂ ᠶᠡᠷᠤᠩᠭᠡᠢ ᠭᠦᠮᠦᠨ ᠠᠮᠠ 67442᠂ ᠡᠭᠦᠨ ᠳᠤ ᠨᠡᠭᠦᠲᠡᠯ | ᠭᠦᠮᠦᠨ ᠠᠮᠠ 18949᠂ ᠪᠠᠶᠢᠩᠭᠤ ᠰᠠᠭᠤᠭ᠎ᠠ ᠭᠦᠮᠦᠨ ᠠᠮᠠ 48493᠂ ᠮᠠᠯᠵᠢᠬᠤ ᠲᠠᠷᠢᠶᠠᠯᠠᠬᠤ ᠤᠷᠤᠨ ᠤ | ᠭᠦᠮᠦᠨ ᠠᠮᠠ 8407 ᠪᠣᠢ᠃ ᠲᠠᠷᠢᠶᠠᠨ ᠭᠠᠵᠠᠷ ᠤᠨ ᠲᠠᠯᠠᠪᠠᠢ 13.8 ᠲᠦᠮᠡᠨ ᠮᠤ᠋᠂ ᠮᠠᠯ ᠤᠨ ᠲᠤᠭ᠎ᠠ 20.94 | ᠲᠦᠮᠡ ᠪᠤᠢ᠃ | ᠦᠢᠷ᠎ᠠ ᠶᠢᠨ ᠵᠢᠯ ᠠᠴᠠ ᠨᠠᠰᠢ᠂ ᠭᠠᠯᠠᠭᠤᠲᠤ ᠪᠠᠯᠭᠠᠰᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠲᠤᠨ ᠤ ᠪᠤᠲᠤᠯᠭ᠎ᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠲᠠᠪᠤᠷᠢᠵᠢᠭᠤᠯᠵᠤ᠂ ︽ᠭᠦᠭᠵᠢᠯᠲᠡ ᠶᠢᠨ ᠲᠤᠭᠤᠷᠢᠨ | ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠨ ᠭᠦᠭᠵᠢᠯᠲᠡ ᠶᠢ | ᠠᠭᠢᠭᠤᠯᠬᠤ︾ ᠰᠡᠳᠭᠢᠴᠡ ᠶᠢ ᠢᠮᠠᠬᠲᠠ ᠪᠠᠷᠢᠮᠲᠠᠯᠠᠨ ︽135︾ ᠨᠠᠮ ᠤᠨ ᠪᠠᠶᠢᠭᠤᠯᠤᠯᠲᠠ ᠶᠢᠨ ᠠᠵᠢᠯ ᠤᠨ | ᠵᠠᠬᠪᠤᠷ ᠢ ᠢᠲᠡᠪᠭᠢᠲᠡᠢ ᠰᠦᠪᠡᠭᠴᠢᠯᠡᠵᠦ᠂ ᠤᠷᠤᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠪᠠᠶᠢᠲᠠᠯ ᠢ | ᠴᠢᠷᠮᠠᠶᠢᠨ ᠪᠠᠶᠢᠭᠤᠯᠵᠤ ᠨᠠᠮ ᠤᠨ ᠪᠠᠶᠢᠭᠤᠯᠤᠯᠲᠠ ᠶᠢᠨ ᠠᠵᠢᠯ ᠡᠯ᠎ᠡ ᠲᠦᠷᠦᠯ ᠤᠨ ᠠᠵᠢᠯ ᠢ ᠦᠨᠡᠨᠬᠦ ᠤᠲᠤᠷᠢᠳᠬᠤ᠂ | ᠲᠦᠪ ᠤᠨ ᠠᠵᠢᠯ ᠢ ᠲᠦᠯᠭᠢᠨ ᠠᠭᠢᠭᠤᠯᠬᠤ ᠪᠠ ᠭᠤᠤᠯ ᠠᠵᠢᠯ ᠢ ᠦᠨᠡᠨᠬᠦ ᠪᠤᠲᠠᠲᠠᠶᠢᠵᠢᠭᠤᠯᠵᠤ᠂ ᠪᠦᠭᠦ ᠪᠠᠯᠭᠠᠰᠤᠨ | ᠤ ︽ᠬᠤᠶᠠᠷ ᠪᠦᠭᠦ︾ ᠪᠠ ︽ᠲᠦᠷᠪᠡᠨ ᠲᠤᠭᠤᠷᠢᠭ ᠭᠤᠷᠪᠠᠨ ᠤᠷᠤᠨ ᠬᠤᠶᠠᠷ ᠪᠦᠰᠡ ᠨᠢᠭᠡ ᠰᠦᠯᠵᠢᠶ᠎ᠡ︾ ᠶᠢᠨ | ᠠᠵᠤ ᠦᠢᠯᠡᠰ ᠤᠨ ᠭᠦᠭᠵᠢᠯᠲᠡ ᠶᠢᠨ ᠰᠡᠳᠭᠢᠴᠡ ᠶᠢ ᠲᠤᠬᠲᠠᠭᠠᠪᠠ᠃ ᠲᠠᠷᠤᠢ ᠪᠦᠭᠦ ᠭᠡᠪᠴᠢᠶ᠎ᠡ ᠶᠢᠨ ᠬᠤᠲᠠ ᠶᠢᠨ | ᠲᠡᠭᠦᠷᠭᠡ᠂ ᠪᠦᠭᠦ ᠤᠷᠤᠨ ᠪᠦᠰᠡ ᠶᠢᠨ ᠵᠢᠭᠤᠯᠴᠢᠯᠠᠯ᠂ ᠤᠲᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠡᠯᠧᠮᠧᠨ᠋ᠲ ᠪᠦᠷᠢᠯᠲᠦᠭᠰᠡᠨ ᠭᠤᠤᠯᠲᠠᠯᠭᠠᠲᠤ ᠲᠤᠭᠤᠷᠢᠭ᠂ ᠠᠮᠢ ᠠᠬᠤᠢ ᠶᠢᠨ ᠰᠤᠪᠢᠯᠠᠬᠤ ᠲᠤᠭᠤᠷᠢᠭ᠂ | ᠦᠨᠲᠦᠰᠦᠲᠡᠨ ᠤ ᠰᠤᠶᠤᠯ ᠢ ᠪᠡᠶᠡᠴᠢᠯᠡᠨ ᠤᠶᠢᠯᠠᠭᠠᠬᠤ ᠲᠤᠭᠤᠷᠢᠭ᠂ ᠰᠡᠯᠡᠬᠦᠴᠡᠯ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰ ᠤᠨ ᠲᠤᠭᠤᠷᠢᠭ ᠪᠣᠯᠤᠨ᠎ᠠ︔ ᠡᠮᠤᠨ᠎ᠡ ᠪᠡᠶ᠎ᠡ ᠳᠤ ᠦᠪᠡᠷᠮᠢᠴᠡ ᠤᠨᠴᠠᠯᠢᠭ ᠲᠠᠢ ᠲᠠᠷᠢᠵᠦ | ᠲᠡᠵᠢᠭᠡᠭᠦ ᠶᠢ ᠲᠦᠭᠡᠮᠡᠯᠵᠢᠭᠦᠯᠭᠦ ᠤᠷᠤᠨ ᠢ ᠪᠠᠶᠢᠭᠤᠯᠬᠤ᠂ ᠬᠤᠶᠢᠲᠤ ᠪᠡᠶ᠎ᠡ ᠳᠤ ᠤᠷᠲᠤᠰ ᠨᠠᠷᠢᠨ ᠨᠤᠤᠰᠤᠲᠤ ᠬᠤᠨᠢᠨ | ᠲᠡᠵᠢᠭᠡᠪᠦᠷᠢ ᠶᠢᠨ ᠭᠤᠤᠯᠲᠠᠯᠭᠠᠲᠤ ᠤᠷᠤᠨ ᠢ ᠪᠠᠶᠢᠭᠤᠯᠬᠤ᠂ ᠬᠤᠲᠠ ᠶᠢᠨ ᠲᠡᠭᠦᠷᠭᠡ ᠪᠠᠷ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠲᠡᠭᠦᠨ ᠤ ᠬᠠᠩᠭᠠᠯᠭ᠎ᠠ ᠪᠠ ᠲᠦᠭᠦᠭᠡᠷᠦᠮᠵᠢᠲᠦ ᠲᠠᠷᠢᠶᠠᠯᠠᠩ ᠶᠢ ᠭᠦᠭᠵᠢᠭᠦᠯᠭᠦ ᠤᠷᠤᠨ ᠢ | ᠪᠠᠶᠢᠭᠤᠯᠬᠤ ᠪᠣᠯᠤᠨ᠎ᠠ︔ ᠬᠤᠶᠢᠲᠤ ᠪᠡᠶ᠎ᠡ ᠳᠤ ᠰᠠᠶᠢᠨ ᠦᠷ᠎ᠡ ᠪᠦᠲᠦᠮᠵᠢᠲᠦ ᠭᠡᠷ ᠪᠦᠯᠢ ᠶᠢᠨ ᠮᠠᠯᠵᠢᠯ ᠤᠨ ᠲᠠᠯᠠᠪᠤᠷ | ᠢᠶᠠᠷ ᠲᠤᠯᠤᠭᠠᠶᠢᠯᠠᠬᠴᠢ ᠪᠤᠯᠭᠠᠵᠤ᠂ ᠮᠠᠯᠴᠢᠨ ᠠᠶᠢᠯ ᠤᠨ ᠵᠣᠴᠢᠯᠠᠭ᠎ᠠ ᠪᠠ ᠲᠠᠯ᠎ᠠ ᠨᠤᠲᠤᠭ ᠤᠨ ᠵᠠᠩ ᠦᠢᠯᠡ ᠶᠢ | ᠪᠡᠶᠡᠴᠢᠯᠡᠨ ᠣᠶᠢᠯᠠᠭᠠᠬᠤ ᠵᠢᠭᠤᠯᠴᠢᠯᠠᠯ ᠢᠶᠠᠷ ᠭᠤᠤᠯᠲᠠᠯᠭ᠎ᠠ ᠪᠠᠨ ᠪᠤᠯᠭᠠᠬᠰᠡᠨ ᠠᠵᠤ ᠦᠢᠯᠡᠰ ᠤᠨ ᠪᠦᠰᠡ᠂ ᠡᠮᠤᠨ᠎ᠡ | ᠪᠡᠶ᠎ᠡ ᠳᠤ ᠦᠪᠡᠷᠮᠢᠴᠡ ᠤᠨᠴᠠᠯᠢᠭ ᠲᠠᠢ ᠲᠠᠷᠢᠵᠦ ᠲᠡᠵᠢᠭᠡᠭᠦ ᠦᠢᠯᠡᠰ ᠢᠶᠠᠷ ᠲᠤᠯᠤᠭᠠᠶᠢᠯᠠᠬᠴᠢ ᠪᠤᠯᠭᠠᠵᠤ᠂ | ᠲᠠᠷᠢᠶᠠᠴᠢᠨ ᠠᠶᠢᠯ ᠤᠨ ᠵᠣᠴᠢᠯᠠᠭ᠎ᠠ ᠪᠠ ᠭᠦᠲᠡᠭᠡ ᠲᠤᠰᠬᠤᠨ ᠤ ᠰᠡᠯᠡᠭᠦᠴᠡᠨ ᠠᠮᠠᠷᠠᠬᠤ ᠵᠢᠭᠤᠯᠴᠢᠯᠠᠯ ᠢᠶᠠᠷ | ᠭᠤᠤᠯᠲᠠᠯᠭ᠎ᠠ ᠪᠠᠨ ᠪᠤᠯᠭᠠᠬᠰᠡᠨ ᠠᠵᠤ ᠦᠢᠯᠡᠰ ᠤᠨ ᠪᠦᠰᠡ ᠪᠣᠯᠤᠨ᠎ᠠ︔ ᠬᠤᠲᠠ ᠭᠦᠲᠡᠭᠡ ᠶᠢ ᠪᠦᠭᠦᠨ ᠢ | ᠪᠦᠷᠭᠦᠭᠰᠡᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠲᠡᠭᠦᠨ ᠤ ᠡᠯᠧᠺᠲᠷᠤᠨ ᠬᠤᠲᠠᠯᠲᠤᠭᠠᠨ ᠤ ᠦᠢᠯᠡᠴᠢᠯᠡᠭᠡᠨ | ᠤ ᠰᠦᠯᠵᠢᠶᠡᠨ ᠲᠠᠪᠴᠠᠩ ᠶᠢ ᠶᠠᠭ ᠪᠠᠶᠢᠭᠤᠯᠵᠤ ᠪᠤᠢ᠃ ᠠᠵᠤ ᠦᠢᠯᠡᠰ ᠤᠨ ᠪᠦᠲᠦᠴᠡ ᠶᠢ ᠰᠢᠯᠢᠲᠡᠭᠵᠢᠭᠦᠯᠵᠦ᠂ | ᠰᠤᠶᠤᠯ ᠤᠨ ᠦᠢᠯᠡᠰ ᠢ ᠶᠡᠭᠡᠪᠡᠷ ᠭᠦᠭᠵᠢᠭᠦᠯᠦᠨ ᠠᠷᠠᠳ ᠤᠨ ᠠᠮᠢᠲᠤᠷᠠᠯ ᠢ ᠦᠷᠭᠦᠯᠵᠢᠯᠡᠨ ᠰᠠᠶᠢᠵᠢᠷᠠᠭᠤᠯᠵᠤ᠂ | ᠬᠤᠲᠠ ᠭᠦᠲᠡᠭᠡ ᠶᠢᠨ ᠨᠢᠭᠡᠲᠤᠯᠲᠡᠢ ᠲᠦᠯᠦᠪᠵᠢᠭᠦᠯᠭᠡ ᠶᠢ ᠲᠦᠷᠭᠡᠳᠭᠡᠨ ᠠᠮᠢ ᠠᠬᠤᠢ ᠶᠢᠨ ᠤᠷᠴᠢᠨ ᠲᠤᠭᠤᠷᠢᠨ | ᠶᠡᠭᠡᠲᠡ ᠰᠠᠶᠢᠵᠢᠷᠠᠵᠤ᠂ ᠤᠯᠠᠨ ᠨᠡᠶᠢᠲᠡ ᠶᠢᠨ ᠦᠨᠲᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ | ᠪᠦᠷᠢᠨᠰᠢᠭᠦᠯᠦᠨ ᠨᠠᠶᠢᠭᠡᠮ ᠤᠨ ᠲᠠᠭᠠᠳᠬᠠᠯ ᠤᠨ ᠰᠢᠰᠲ᠋ᠧᠮ ᠨᠡᠩ ᠲᠡᠭᠦᠯᠲᠡᠷᠵᠢᠵᠦ᠂ ᠤᠯᠠᠨ ᠲᠦᠮᠡᠨ ᠤ ᠠᠮᠢᠲᠤᠷᠠᠯ | ᠤᠨ ᠭᠢᠷᠢ ᠲᠦᠪᠰᠢᠨ ᠢᠯᠡᠳᠲᠡ ᠲᠡᠭᠡᠭᠰᠢᠯᠡᠨ ᠪᠦᠭᠦ ᠪᠠᠯᠭᠠᠰᠤᠨ ᠤ ᠶᠡᠷᠤᠩᠭᠡᠢ ᠠᠵᠤ ᠠᠬᠤᠢ ᠶᠢᠨ ᠪᠤᠲᠠᠲᠤ ᠭᠦᠴᠦᠨ | ᠢᠯᠡᠳᠲᠡ ᠲᠡᠭᠡᠭᠰᠢᠯᠡᠵᠦ᠂ ᠶᠡᠷᠤᠩᠭᠡᠢ ᠪᠤᠲᠠᠲᠤ ᠭᠢᠷᠢ ᠪᠦᠲᠦᠮᠵᠢ ᠵᠠᠯᠭᠠᠭ᠎ᠠ ᠭᠡᠲᠤᠨ ᠵᠢᠯ ᠰᠤᠮᠤ ᠪᠠᠯᠭᠠᠰᠤᠨ ᠤ | ᠲᠡᠷᠢᠭᠦᠨ ᠳᠤ ᠪᠠᠶᠢᠷᠢᠯᠠᠪᠠ᠃ 2017 ᠤᠨ ᠤ ᠰᠡᠭᠦᠯᠴᠢ᠂ ᠬᠤᠲᠠ ᠭᠦᠲᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠭᠦᠮᠦᠨ ᠲᠤᠮᠲᠠᠴᠢ ᠡᠵᠡᠮᠲᠡᠨ ᠲᠤᠭᠢᠷᠠᠭᠤᠯᠬᠤ ᠤᠷᠤᠯᠭ᠎ᠠ ᠲᠣᠰᠪᠦᠷᠢ 41700 ᠲᠦᠭᠦᠷᠢᠭ ᠪᠠ | 17000 ᠲᠦᠭᠦᠷᠢᠭ ᠭᠦᠷᠴᠦ᠂ ᠵᠢᠯ ᠳᠤ ᠲᠤᠮᠲᠠᠴᠢ ᠪᠠᠷ ᠲᠣᠰᠪᠦᠷᠢ 8.5% ᠪᠠ10% ᠪᠠᠷ ᠨᠡᠮᠡᠭᠲᠡᠪᠡ᠃ | ᠭᠠᠯᠠᠭᠤᠲᠤ ᠪᠠᠯᠭᠠᠰᠤ ᠤᠲᠤ ᠨᠢᠭᠡᠨᠲᠡ ᠦᠤᠰᠢᠨ ᠬᠤᠰᠢᠭᠤᠨ ᠤ ᠴᠢᠬᠤᠯᠠ ᠠᠵᠤ ᠦᠢᠯᠡᠰ ᠤᠨ ᠰᠠᠭᠤᠷᠢᠨ | ᠭᠠᠵᠠᠷ ᠪᠤᠯᠪᠠ᠃ ᠤᠷᠲᠤᠰ ᠨᠠᠷᠢᠨ ᠨᠤᠤᠰᠤᠲᠤ ᠬᠤᠨᠢᠨ ᠤ ᠡᠬᠦᠯᠳᠡᠷ ᠤᠨ ᠬᠤᠨᠢᠨ ᠰᠠᠭᠤᠷᠢᠨ ᠭᠠᠵᠠᠷ ᠪᠠ ᠭᠤᠤᠯ | ᠮᠠᠯᠵᠢᠯ ᠤᠨ ᠰᠠᠭᠤᠷᠢᠨ ᠭᠠᠵᠠᠷ ᠪᠤᠯᠤᠨ᠎ᠠ᠃ 300 ᠲᠣᠯᠤᠭᠠᠢ ᠠᠴᠠ ᠲᠡᠭᠡᠭᠰᠢ ᠨᠠᠷᠢᠨ ᠨᠤᠤᠰᠤᠲᠤ ᠬᠤᠨᠢᠨ | ᠮᠠᠯᠵᠢᠯ ᠤᠨ ᠲᠤᠮᠤ ᠡᠷᠤᠭᠡ 28 ᠪᠠᠶᠢᠵᠦ᠂ ᠨᠠᠷᠢᠨ ᠨᠤᠤᠰᠤᠲᠤ ᠬᠤᠨᠢ 16.9 ᠲᠦᠮᠡ ᠭᠦᠷᠪᠡ᠃ ᠪᠦᠭᠦ | ᠬᠤᠰᠢᠭᠤᠨ ᠤ ᠨᠡᠭᠦᠷᠡᠰᠤ᠂ ᠪᠠᠶᠢᠭᠠᠯᠢ ᠶᠢᠨ ᠰᠢᠲᠠᠮᠠᠬᠠᠢ ᠭᠡᠢ ᠶᠢᠨ ᠡᠭᠢ ᠪᠠᠶᠠᠯᠢᠭ ᠢ ᠨᠡᠭᠡᠭᠡᠭᠦ ᠴᠢᠬᠤᠯᠠ ᠰᠠᠭᠤᠷᠢᠨ | ᠭᠠᠵᠠᠷ ᠪᠤᠯᠤᠨ᠎ᠠ᠃ ᠪᠠᠶᠢᠭᠠᠯᠢ ᠶᠢᠨ ᠰᠢᠲᠠᠮᠠᠬᠠᠢ ᠭᠡᠢ ᠶᠢᠨ ᠭᠠᠷᠭᠠᠯᠲᠠ ᠨᠢ ᠪᠠᠷᠤᠭ ᠪᠦᠭᠦ ᠬᠤᠰᠢᠭᠤᠨ ᠤ ᠪᠠᠶᠢᠭᠠᠯᠢ | ᠶᠢᠨ ᠰᠢᠲᠠᠮᠠᠬᠠᠢ ᠭᠡᠢ ᠶᠢᠨ ᠶᠡᠷᠤᠩᠭᠡᠢ ᠭᠠᠷᠭᠠᠯᠲᠠ ᠶᠢᠨ ᠭᠤᠷᠪᠠᠨ ᠤ ᠨᠢᠭᠡ ᠶᠢ ᠡᠵᠡᠯᠡᠵᠦ᠂ ᠲᠦᠯᠦᠪᠵᠢᠭᠦᠯᠭᠡ ᠪᠠᠷ 5 | ᠬᠤᠳᠲᠤᠭ ᠲᠠᠢ ᠪᠠᠶᠢᠵᠤ᠂ ᠡᠭᠦᠨ ᠳᠤ 2 ᠮᠢᠩᠭᠠᠨ ᠲᠦᠮᠡᠨ ᠲᠣᠠ ᠨᠡᠭᠦᠷᠡᠰᠤᠨ ᠠᠭᠤᠷᠬᠠᠢ ᠶᠢ ᠶᠠᠭ ᠪᠠᠶᠢᠭᠤᠯᠵᠤ | ᠪᠤᠢ᠃ ᠪᠦᠭᠦ ᠬᠤᠰᠢᠭᠤᠨ ᠤ ᠤᠲᠤ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠨ ᠭᠦᠭᠵᠢᠭᠰᠡᠨ ᠰᠠᠭᠤᠷᠢᠨ | ᠭᠠᠵᠠᠷ ᠪᠤᠯᠤᠨ᠎ᠠ᠃ ᠰᠤᠶᠤᠯ ᠵᠢᠭᠤᠯᠴᠢᠯᠠᠯ ᠵᠡᠷᠭᠡ ᠠᠵᠤ ᠦᠢᠯᠡᠰ ᠲᠦᠷᠭᠡᠨ ᠭᠦᠭᠵᠢᠵᠦ᠂ ᠮᠤᠩᠭᠤᠯ ᠦᠨᠲᠦᠰᠦᠲᠡᠨ | ᠤ ᠠᠷᠠᠳ ᠤᠨ ᠵᠠᠩ ᠦᠢᠯᠡ ᠶᠢᠨ ᠰᠤᠶᠤᠯ ᠤᠨ ᠤᠯᠠᠭ᠎ᠠ ᠦᠷᠲᠡᠭᠡ 8 ᠪᠠᠶᠢᠭᠤᠯᠤᠨ᠂ ᠮᠤᠩᠭᠤᠯ ᠦᠨᠲᠦᠰᠦᠲᠡᠨ ᠤ | ᠤᠪᠤᠭᠠᠨ ᠰᠤᠶᠤᠯ ᠤᠨ ᠮᠦᠽᠸᠢ᠂ ᠪᠤᠵᠠᠢ ᠨᠠᠭᠤᠷ ᠮᠤᠩᠭᠤᠯ ᠦᠨᠲᠦᠰᠦᠲᠡᠨ ᠤ ᠵᠠᠩ ᠦᠢᠯᠡ ᠶᠢ ᠪᠡᠶᠡᠴᠢᠯᠡᠨ | ᠣᠶᠢᠯᠠᠭᠠᠬᠤ ᠤᠷᠤᠨ᠂ ᠦᠤᠰᠢᠨ ᠬᠤᠰᠢᠭᠤᠨ ᠤ ᠲᠠᠷᠢᠶᠠᠯᠠᠩ ᠤᠨ ᠰᠤᠶᠤᠯ ᠢ ᠪᠡᠶᠡᠴᠢᠯᠡᠨ ᠣᠶᠢᠯᠠᠭᠠᠬᠤ ᠮᠦᠽᠸᠢ᠂ | ᠰᠠᠰᠠ ᠶᠢᠨ ᠴᠠᠶᠢᠲᠠᠮ ᠲᠤᠰᠬᠤᠨ ᠤ ᠬᠤᠸᠠᠷ ᠴᠡᠴᠡᠭ ᠠᠯᠢᠮ᠎ᠠ ᠵᠢᠮᠢᠰ ᠲᠡᠬᠦᠵᠦ ᠰᠡᠯᠡᠭᠦᠴᠡᠨ ᠲᠣᠭᠤᠷᠢᠬᠤ | ᠭᠦᠷᠢᠶᠡᠯᠡᠩ ᠪᠠ ᠷᠠᠰᠢᠶᠠᠨ ᠲᠤᠬᠤᠢ ᠲᠤᠰᠬᠤᠨ ᠤ ᠲᠤᠲᠤᠷᠭᠠᠨ ᠲᠠᠷᠢᠶᠠᠨ ᠠᠮᠢ ᠠᠬᠤᠢ ᠶᠢᠨ ᠭᠦᠷᠢᠶᠡᠯᠡᠩ ᠵᠡᠷᠭᠡ | ᠨᠢᠭᠡ ᠪᠦᠯᠦᠭ ᠭᠦᠲᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠦᠷᠦᠯ ᠵᠦᠢᠯ ᠢ ᠪᠠᠶᠢᠭᠤᠯᠵᠤ᠂ | ᠪᠦᠭᠦ ᠪᠠᠯᠭᠠᠰᠤᠨ ᠤ ᠨᠢᠭᠡ ᠡᠲᠤᠷ ᠤᠨ ᠵᠢᠭᠤᠯᠴᠢᠯᠠᠯ ᠤᠨ ᠵᠠᠮ ᠱᠤᠭᠤᠮ ᠢ ᠰᠡᠲᠤᠵᠤ ᠪᠠᠶᠢᠭᠤᠯᠤᠨ ᠭᠦᠷᠢᠶ᠎ᠡ | ᠭᠡᠪᠴᠢᠶ᠎ᠡ ᠲᠠᠢ ᠭᠦᠲᠡᠭᠡ ᠲᠤᠰᠬᠤᠨ ᠤ ᠵᠢᠭᠤᠯᠴᠢᠯᠠᠯ ᠤᠨ ᠲᠠᠶᠢᠯᠠᠨ ᠵᠤᠴᠢᠯᠠᠬᠤ ᠡᠷᠤᠭᠡ 36 ᠲᠡᠮᠵᠢᠵᠦ | ᠭᠦᠭᠵᠢᠭᠦᠯᠦᠨ ᠭᠦᠲᠡᠭᠡ ᠲᠤᠰᠬᠤᠨ ᠤ ᠵᠢᠭᠤᠯᠴᠢᠯᠠᠯ ᠤᠨ ᠤᠷᠴᠢᠨ ᠠᠬᠤᠢ ᠡᠲᠤᠷ ᠠᠴᠠ ᠡᠲᠤᠷ ᠰᠠᠶᠢᠵᠢᠷᠠᠵᠤ᠂ | ᠪᠦᠭᠦ ᠪᠠᠯᠭᠠᠰᠤᠨ ᠤ ︽ᠬᠠᠮ ᠵᠢᠭᠤᠯᠴᠢᠯᠠᠯ︾ ᠤᠨ ᠪᠦᠲᠦᠴᠡ ᠠᠩᠬ᠎ᠠ ᠠᠯᠬᠤᠮ ᠪᠠᠶᠢᠭᠤᠯᠤᠬᠲᠠᠨ ᠡᠳ᠋ ᠪᠠᠷᠠᠭ᠎ᠠ᠂ | ᠭᠦᠮᠦᠷᠭᠡᠯᠡᠨ ᠬᠤᠷᠢᠶᠠᠬᠤ᠂ ᠮᠠᠰᠢᠨ ᠲᠡᠭᠡᠭᠡᠪᠦᠷᠢ᠂ ᠲᠡᠭᠡᠭᠡᠪᠦᠷᠢ ᠶᠢᠨ ᠦᠢᠯᠡᠴᠢᠯᠡᠭᠡ᠂ ᠡᠯᠧᠺᠲᠷᠤᠨ ᠬᠤᠲᠠᠯᠲᠤᠭᠠᠨ | ᠶᠠᠪᠤᠲᠠᠯ ᠵᠡᠷᠭᠡ ᠰᠢᠨ᠎ᠡ ᠭᠡᠯᠪᠡᠷᠢ ᠶᠢᠨ ᠠᠵᠤ ᠦᠢᠯᠡᠰ ᠲᠦᠷᠭᠡᠨ ᠭᠦᠭᠵᠢᠵᠦ᠂ ᠠᠵᠤ ᠠᠬᠤᠶᠢᠯᠠᠯ ᠪᠠ ᠬᠤᠪᠢ ᠶᠢᠨ | ᠡᠵᠡᠩᠨᠡᠯᠲᠡ ᠶᠢᠨ ᠡᠷᠤᠭᠡ 9981 ᠭᠦᠷᠪᠡ᠃ ᠤᠯᠠᠨ ᠡᠰᠢᠴᠢᠯᠡᠭᠰᠡᠨ ᠭᠦᠭᠵᠢᠯᠲᠡ᠂ ᠤᠯᠠᠨ ᠲᠤᠶᠢᠯᠰᠢᠷᠠᠵᠤ | ᠲᠤᠯᠭᠠᠭᠤᠷᠢᠯᠠᠬᠰᠡᠨ ᠠᠵᠤ ᠦᠢᠯᠡᠰ ᠤᠨ ᠰᠢᠰᠲ᠋ᠧᠮ ᠶᠠᠭ ᠪᠤᠷᠢᠯᠲᠦᠵᠦ ᠪᠤᠢ᠃ ᠪᠦᠭᠦ ᠬᠤᠰᠢᠭᠤᠨ ᠤ ᠪᠠᠶᠢᠭᠠᠯᠢᠯᠢᠭ | ᠢᠲᠡᠭᠡᠨ ᠢ ᠲᠦᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠪᠤᠯᠤᠨ᠎ᠠ᠃ ᠪᠠᠶᠠᠨᠴᠠᠶᠢᠲᠠᠮ ᠲᠤᠰᠬᠤᠨ ᠤ | ᠲᠦᠭᠦᠭᠡᠷᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ᠂ ᠰᠡᠪᠭᠦᠯ ᠭᠠᠴᠠᠭᠠᠨ ᠤ ᠭᠤᠯᠢᠷ ᠪᠤᠯᠪᠠᠰᠤᠷᠠᠭᠤᠯᠬᠤ | ᠦᠢᠯᠡᠳᠪᠦᠷᠢ᠂ ᠪᠠᠶᠠᠨᠴᠠᠶᠢᠲᠠᠮ ᠲᠤᠰᠬᠤᠨ ᠤ ᠨᠠᠪᠴᠢ ᠨᠤᠭᠤᠭ᠎ᠠ ᠪᠤᠯᠪᠠᠰᠤᠷᠠᠭᠤᠯᠬᠤ ᠦᠢᠯᠡᠳᠪᠦᠷᠢ᠂ ᠬᠤᠨᠢᠨ ᠮᠢᠬ᠎ᠠ | ᠪᠤᠯᠭᠤᠬᠰᠡᠨ ᠢᠲᠡᠭᠡᠨ ᠪᠤᠯᠪᠠᠰᠤᠷᠠᠭᠤᠯᠬᠤ ᠦᠢᠯᠡᠳᠪᠦᠷᠢ ᠵᠡᠷᠭᠡ ᠨᠢᠭᠡ ᠪᠦᠯᠦᠭ ᠲᠠᠭᠤᠷᠢᠶᠠᠯ ᠦᠵᠡᠭᠦᠯᠭᠦ ᠲᠦᠷᠦᠯ | ᠵᠦᠢᠯ ᠢ ᠪᠠᠶᠢᠭᠤᠯᠤᠨ ᠹᠦ᠋ ᠷᠦᠢ ᠳ᠋ᠠ᠂ ᠡᠤ ᠶᠤᠸᠠᠨ ᠮᠢᠬᠠᠨ ᠢᠲᠡᠭᠡᠨ ᠵᠡᠷᠭᠡ ᠮᠢᠬᠠᠨ ᠲᠦᠷᠦᠯ ᠢ ᠨᠠᠷᠢᠯᠢᠭ | ᠪᠤᠯᠪᠠᠰᠤᠷᠠᠭᠤᠯᠬᠤ ᠦᠢᠯᠡᠳᠪᠦᠷᠢ ᠶᠢᠨ ᠲᠦᠷᠦᠯ ᠵᠦᠢᠯ ᠠᠰᠢᠭᠯᠠᠯᠲᠠ ᠳᠤ ᠤᠷᠤᠬᠤ ᠨᠦᠭᠦᠴᠡᠯ ᠳᠤ ᠭᠦᠷᠴᠦ᠂ ︽ | ᠬᠤᠨ ᠭᠠᠯᠠᠭᠤ︾ ᠮᠠᠯ ᠲᠠᠷᠢᠶ᠋ᠯᠠᠩ ᠤᠨ ᠪᠦᠲᠦᠭᠡᠭᠲᠡᠭᠦᠨ ᠢ ᠪᠡᠶᠡᠴᠢᠯᠡᠨ ᠣᠶᠢᠯᠠᠭᠠᠬᠤ ᠲᠡᠯᠭᠡᠭᠦᠷ ᠢ ᠪᠠᠶᠢᠭᠤᠯᠵᠤ | ᠠᠰᠢᠬᠯᠠᠯᠲᠠ ᠳᠤ ᠤᠷᠤᠭᠤᠯᠤᠨ 52 ᠵᠦᠢᠯ ᠤᠨ ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠭᠡᠭᠲᠡᠭᠦᠨ ᠢ | ᠲᠡᠯᠭᠡᠭᠦᠷ ᠲᠤ ᠲᠠᠯᠪᠢᠨ ᠪᠤᠷᠤᠯᠠᠭᠤᠯᠵᠤ ᠪᠠᠶᠢᠨ᠎ᠠ᠃ |