ᠪᠥᠬᠦ ᠬᠤᠲᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠦ ᠠᠮᠢᠵᠢᠷᠠᠯ ᠤᠨ ᠬᠦᠴᠦᠨ ᠢ ᠨᠡᠮᠡᠭᠳᠡᠭᠦᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠡᠷᠡᠭᠦᠯ ᠬᠦᠭᠵᠢᠯᠳᠡ ᠶᠢ ᠠᠬᠢᠭᠤᠯᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2020-06-24
    ᠬᠤᠲᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠤᠨ᠂ ᠳᠤᠮᠳᠠ ᠪᠠᠭ᠎ᠠ ᠵᠢᠵᠢᠭ ᠠᠵᠤ ᠠᠬᠤᠢᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠡᠭᠦᠯ ᠬᠦ᠋ᠭᠵᠢᠯᠳᠡ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠡᠦ᠂ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ᠂ ᠯᠢ ᠸᠧᠨ ᠵᠥᠩ᠂ ᠱᠢ ᠶᠠᠨ ᠵᠢᠶᠧ᠂ ᠯᠢᠦ ᠵᠢᠶᠠᠨ ᠰᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠵᠠᠶ᠃     ᠰᠡᠴᠡᠨᠪᠢᠯᠢᠭ ᠳᠤᠮᠳᠠ ᠪᠠᠭ᠎ᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ᠂ ᠨᠡᠶᠢᠭᠡᠮ ᠤᠨ ᠠᠵᠢᠯ ᠣᠯᠭᠤᠯᠲᠠ ᠶᠢ ᠥᠷᠭᠡᠳᠬᠡᠬᠦ᠂ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠵᠡᠷᠭᠡ ᠲᠠᠯ᠎ᠠ ᠪᠠᠷ ᠴᠢᠬᠤᠯᠠ  ᠦᠢᠯᠡᠳᠤᠯ ᠦᠵᠡᠭᠦᠯᠵᠦ ᠪᠤᠢ᠃ ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠨᠠᠷᠢᠯᠢᠭ ᠤᠨᠤᠪᠴᠢᠳᠠᠢ ᠪᠠᠷ ᠦᠢᠯᠡᠴᠢᠯᠡᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠦᠢᠯᠡᠳᠪᠤᠷᠢᠯᠡᠯ ᠢᠶᠠᠨ ᠰᠡᠷᠭᠦᠭᠡᠵᠦ᠂ ᠤᠷᠤᠯᠭ᠎ᠠ ᠪᠠᠨ ᠨᠡᠮᠡᠭᠳᠡᠭᠦᠯᠦᠨ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠠᠨ ᠰᠤᠳᠤᠯᠵᠤ᠂ ᠤᠬᠠᠭᠤᠯᠤᠨ ᠲᠠᠶᠢᠯᠪᠤᠷᠢᠯᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠢᠯᠣᠭᠤᠳᠤᠨ ᠦᠢᠯᠡᠴᠢᠯᠡᠬᠦ ᠪᠠ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠭᠦᠢᠴᠡᠳ ᠬᠡᠷᠡᠭᠯᠡᠵᠦ ᠠᠮᠢᠳᠤᠯᠢᠭ ᠬᠡᠷᠡᠭᠯᠡᠵᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠭᠦᠴᠦᠯᠠᠴᠠ ᠪᠠᠨ ᠦᠷᠭᠦᠯᠵᠢᠯᠡᠨ ᠨᠡᠮᠡᠭᠳᠡᠭᠦᠯᠵᠤ᠂ ᠠᠵᠤ ᠠᠬᠤᠶᠢᠯᠠᠯ ᠤᠨ ᠪᠡᠯᠡ ᠴᠤᠬᠯᠠᠭᠤᠯᠬᠤ ᠳᠤ ᠬᠦᠴᠢᠷᠲᠡᠶ᠂ ᠪᠡᠯᠡ ᠴᠤᠬᠯᠠᠭᠤᠯᠬᠤ ᠳᠤ ᠦᠨᠡᠲᠡᠶ ᠪᠠᠶᠢᠬᠤ ᠵᠡᠷᠭᠡ ᠠᠰᠠᠭᠤᠳᠠᠯ ᠢ ᠬᠦᠴᠦᠯᠡᠨ ᠨᠠᠮᠳᠠᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ ᠨᠥᠬᠦᠪᠥᠷᠢ ᠮᠥᠩᠭᠦ ᠶᠢᠨ ᠪᠠᠲᠤᠯᠠᠭ᠎ᠠ ᠶᠢᠨ ᠭᠦᠴᠦᠯᠠᠴᠠ ᠪᠠᠨ ᠨᠡᠮᠡᠭᠳᠡᠭᠦᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠠᠵᠢᠯ ᠣᠯᠭᠤᠬᠤ ᠠᠵᠢᠯ ᠤᠨ ᠪᠠᠶᠢᠷᠢ ᠶᠢ ᠨᠠᠷᠢᠯᠢᠭ ᠣᠨᠣᠪᠴᠢᠲᠠᠶ ᠪᠠᠷ ᠵᠣᠯᠭᠠᠭᠤᠯᠬᠤ ᠶᠢ ᠴᠢᠩᠭᠠᠳᠬᠠᠵᠤ ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠳᠤ ᠬᠦᠴᠢᠷᠲᠡᠶ ᠪᠠᠶᠢᠬᠤ ᠪᠠ ᠠᠵᠢᠯᠳᠠᠨ ᠤ ᠠᠵᠢᠯ ᠤᠯᠬᠤ ᠳᠤ ᠬᠦᠴᠢᠷᠲᠡᠶ ᠪᠠᠶᠢᠬᠤ ᠵᠡᠷᠭᠡ ᠪᠦᠲᠦᠴᠡ ᠶᠢᠨ ᠴᠢᠨᠠᠷᠲᠠᠶ ᠵᠥᠷᠢᠴᠡᠯ ᠢ ᠬᠦᠴᠦᠯᠡᠨ ᠰᠢᠢᠳᠪᠤᠷᠢᠯᠡᠬᠦ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠥᠪ ᠭᠤᠤᠯᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠥᠭᠦᠮᠴᠢᠯᠡᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠦᠭᠵᠢᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠰᠡᠴᠡᠨᠪᠢᠯᠢᠭ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠮᠥᠩᠭᠦᠨ  ᠬᠦᠢᠯᠭᠡᠭᠡᠨ ᠤ ᠦᠢᠯᠡᠴᠢᠯᠡᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠮᠵᠢ ᠶᠢᠨ ᠲᠤᠬᠳᠠᠴᠠ ᠶᠢᠨ ᠰᠢᠨ᠎ᠡ ᠶᠢ ᠡᠭᠦᠳᠴᠦ᠂ ᠠᠷᠭ᠎ᠠ ᠪᠠᠷᠢᠯ ᠢ ᠨᠠᠷᠢᠯᠢᠭᠵᠢᠭᠤᠯᠤᠨ ᠪᠣᠳᠠᠲᠠᠶᠢᠵᠢᠭᠤᠯᠵᠦ᠂ ᠪᠠᠶᠢᠩᠭᠤᠵᠢᠭᠤᠯᠤᠭᠰᠠᠨ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠲᠦᠷᠭᠡᠳᠬᠡᠵᠦ᠂ ᠪᠣᠳᠠᠲᠠᠶ ᠠᠰᠠᠭᠤᠳᠠᠯ ᠢ ᠰᠢᠢᠳᠪᠤᠷᠢᠯᠡᠭᠰᠡᠨ ᠦᠷ᠎ᠡ ᠪᠦᠲᠦᠮᠵᠢ ᠪᠠᠷ ᠳᠤᠮᠳᠠ ᠪᠠᠭ᠎ᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠨᠢ ᠰᠢᠢᠳᠪᠤᠷᠢᠯᠡᠨ  ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠬᠦ᠋ᠭᠵᠢᠯᠳᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号