ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 22 ᠤᠨ ᠴᠠᠬᠢᠯᠭᠠᠨ ᠮᠡᠳᠡᠭᠡ ᠳᠤᠮᠳᠠᠳᠤ ᠤᠯᠤᠰ | — ᠠᠷᠠᠪ ᠤᠨ ᠤᠯᠤᠰ ᠤᠳ ᠤᠨ ᠲᠦᠷᠦ ᠶᠢᠨ ᠨᠠᠮ ᠤᠨ ᠶᠠᠷᠢᠯᠴᠠᠭᠠᠨ ᠤ ᠬᠤᠷᠠᠯ ᠤᠨ ᠤᠨᠴᠠᠭᠠᠢ ᠬᠤᠷᠠᠯ 22 ᠤᠨ | ᠡᠳᠦᠷ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠵᠠᠢ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦ ᠶᠢᠨ ᠨᠠᠮ ᠤᠨ | ᠶᠠᠷᠢᠯᠴᠠᠭᠠᠨ ᠤ ᠬᠤᠷᠠᠯ ᠤᠨ ᠤᠨᠴᠠᠭᠠᠢ ᠬᠤᠷᠠᠯ ᠡᠬᠢᠯᠡᠬᠦ ᠲᠠᠰᠢᠷᠠᠮ ᠳᠤ᠂ ᠪᠢ ᠳᠤᠮᠳᠠᠳᠤ ᠤᠯᠤᠰ ᠤᠨ ᠡᠪ ᠬᠠᠮᠳᠤ | ᠨᠠᠮ ᠤᠨ ᠡᠮᠦᠨ᠎ᠠ ᠠᠴᠠ᠂ ᠲᠡᠷᠡᠴᠢᠯᠡᠨ ᠮᠢᠨᠤ ᠬᠤᠪᠢ ᠬᠦᠮᠦᠨ ᠤ ᠨᠡᠷ᠎ᠠ ᠪᠠᠷ ᠲᠤᠰ ᠬᠤᠷᠠᠯ ᠬᠤᠷᠠᠯᠳᠤᠭᠰᠠᠨ ᠳᠤ | ᠬᠠᠯᠠᠭᠤᠨ ᠪᠡᠶᠡᠷ ᠬᠦᠷᠭᠡᠵᠤ᠂ ᠬᠤᠷᠠᠯ ᠳᠤ ᠤᠷᠤᠯᠴᠠᠭᠰᠠᠨ ᠠᠷᠠᠪ ᠤᠨ ᠤᠯᠤᠰ ᠤᠳ ᠤᠨ ᠲᠦᠷᠦ ᠶᠢᠨ ᠨᠠᠮ ᠤᠨ | ᠤᠳᠤᠷᠢᠳᠬᠤ ᠬᠦᠮᠦᠰ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠤ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ᠂ ᠳᠤᠮᠳᠠᠳᠤ ᠠᠷᠠᠪ ᠤᠨ ᠨᠦᠬᠦᠷᠯᠡᠯ ᠦᠨᠢ ᠤᠳᠠᠭᠠᠨ ᠤᠯᠠᠮᠵᠢᠯᠠᠯ ᠲᠠᠢ ᠪᠦᠭᠡᠳ ᠶᠠᠪᠤᠬᠤ | ᠳᠤᠳᠤᠮ ᠰᠢᠨᠡᠳᠴᠤ ᠪᠠᠶᠢᠨ᠎ᠠ᠃ ᠳᠤᠮᠳᠠᠳᠤ ᠠᠷᠠᠪ ᠬᠤᠶᠠᠷ ᠶᠡᠭᠡ ᠦᠨᠳᠦᠰᠦᠳᠡᠨ ᠡᠷᠳᠡᠨ ᠤ ᠲᠤᠷᠭᠠᠨ ᠵᠠᠮ ᠳᠡᠭᠡᠷ᠎ᠠ | ᠨᠦᠬᠦᠷᠰᠡᠭ ᠶᠠᠪᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠲᠦᠭᠡᠨ ᠪᠠᠶᠢᠭᠤᠯᠬᠤ ᠳᠤᠮᠳᠠ ᠭᠠᠷ | ᠭᠠᠷ ᠢᠶᠠᠨ ᠬᠤᠯᠪᠤᠯᠴᠠᠠ ᠶᠠᠪᠤᠵᠤ᠂ ᠤᠯᠤᠰ ᠤᠨ ᠪᠠᠶᠠᠨ ᠬᠦᠴᠦᠷᠬᠡᠭ᠂ ᠦᠨᠳᠦᠰᠦᠳᠡᠨ ᠤ ᠰᠡᠷᠭᠦᠨ ᠮᠠᠨᠳᠤᠯᠳᠠ ᠶᠢᠨ | ᠬᠦᠰᠡᠯ ᠵᠡᠭᠦᠳᠦ ᠪᠠᠨ ᠪᠡᠶᠡᠯᠡᠭᠦᠯᠬᠦ ᠪᠠᠷ ᠬᠠᠮᠳᠤ ᠪᠠᠷ ᠴᠢᠷᠮᠠᠶᠢᠪᠠ᠃ ᠭᠡᠨᠡᠳᠳᠡ ᠪᠠᠷ ᠳᠠᠭᠠᠷᠢᠵᠤ ᠢᠷᠡᠭᠰᠡᠨ ᠰᠢᠨ᠎ᠠ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭᠤᠨ ᠪᠠᠶᠢᠳᠠᠯ ᠤᠨ ᠡᠮᠦᠨ᠎ᠠ᠂ ᠳᠤᠮᠳᠠᠳᠤ ᠠᠷᠠᠪ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠬᠠᠳᠠᠭᠤ ᠪᠡᠷᠬᠡᠰᠢᠶᠠᠯ ᠢ ᠬᠠᠮᠳᠦ ᠪᠠᠷ ᠲᠤᠭᠤᠯᠵᠤ᠂ ᠳᠤᠮᠳᠠᠳᠤ ᠠᠷᠠᠪ ᠤᠨ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠦ ᠪᠠᠷ ᠪᠠᠶᠢᠭᠤᠯᠬᠤ ᠰᠢᠨ᠎ᠠ ᠬᠠᠭᠤᠳᠠᠰᠤ ᠶᠢ ᠪᠢᠴᠢᠭᠯᠡᠵᠠᠢ᠃ ᠵᠤᠪᠠᠭᠤᠷᠢ | ᠵᠦᠳᠡᠭᠦᠷᠢ ᠲᠠᠢ ᠴᠠᠭ ᠲᠤ ᠦᠨᠡᠨ ᠰᠡᠳᠭᠢᠯ ᠢ ᠲᠠᠨᠢᠨ᠎ᠠ᠃ ᠭᠠᠷ ᠬᠤᠯᠪᠤᠨ ᠬᠢᠵᠢᠭ ᠲᠠᠢ ᠲᠡᠮᠡᠴᠡᠭᠰᠡᠨ | ᠰᠢᠯᠭᠠᠯᠳᠠ ᠪᠠᠷ ᠳᠠᠮᠵᠢᠨ᠂ ᠳᠤᠮᠳᠠᠳᠤ ᠠᠷᠠᠪ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭᠠᠨ ᠤ | ᠰᠠᠭᠤᠷᠢ ᠤᠯᠠᠮ ᠪᠠᠳᠤᠵᠢᠵᠤ᠂ ᠠᠷᠠᠳ ᠤᠨ ᠨᠦᠬᠦᠷᠯᠡᠯ ᠨᠡᠩ ᠭᠦᠨ ᠵᠤᠵᠠᠭᠠᠨ ᠪᠤᠯᠵᠤ᠂ ᠬᠠᠮᠳᠤᠷᠠᠯᠴᠠᠭᠠᠨ ᠤ | ᠢᠷᠡᠭᠡᠳᠦᠢ ᠨᠡᠩ ᠭᠡᠭᠡᠨ ᠰᠠᠷᠠᠭᠤᠯ ᠪᠤᠯᠵᠠᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠢ ᠬᠦᠮᠤᠨ ᠲᠦᠷᠤᠯᠬᠢᠳᠠᠨ ᠪᠤᠯ ᠵᠢᠷᠭᠠᠯ | ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ ᠬᠠᠮᠳᠤ ᠶᠢᠨ ᠴᠤᠭᠴᠠ ᠪᠤᠯᠬᠤ ᠶᠢ ᠲᠠᠬᠢᠨᠳᠠ ᠬᠡᠷᠡᠴᠢᠯᠠᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠳᠤᠮᠳᠠᠳᠤ ᠤᠯᠤᠰ ᠤᠨ ᠵᠠᠰᠠᠬ ᠤᠨ ᠤᠷᠳᠤᠨ ᠢᠮᠠᠬᠳᠠ ᠠᠷᠠᠳ | ᠲᠦᠮᠡᠨ ᠢ ᠲᠡᠭᠡᠳᠤᠯᠠᠬᠦ᠂ ᠠᠮᠢ ᠨᠠᠰᠤ ᠶᠢ ᠲᠡᠭᠡᠳᠤᠯᠠᠬᠦ ᠶᠢ ᠪᠠᠷᠢᠮᠳᠠᠯᠠᠵᠤ᠂ ᠪᠦᠬᠦ ᠬᠦᠴᠤ ᠪᠠᠷ ᠢᠶᠠᠨ ᠠᠮᠢ ᠨᠠᠰᠤ ᠶᠢ | ᠠᠪᠤᠷᠠᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠴᠢᠬᠤᠯᠡ ᠶᠡᠭᠡ ᠪᠠᠶᠢᠯᠳᠤᠬᠤ ᠪᠤᠳᠤᠯᠭ᠎ᠠ ᠶᠢᠨ | ᠦᠷ᠎ᠠ ᠪᠦᠲᠦᠭᠡᠯ ᠤᠯᠤᠬᠰᠠᠨ ᠪᠠᠶᠢᠨ᠎ᠠ︔ ᠢᠮᠠᠬᠳᠠ ᠢᠯᠡ ᠲᠤᠳᠤ᠂ ᠬᠠᠷᠢᠭᠤᠴᠠᠯᠭᠠᠳᠤ ᠤᠪᠤᠷ ᠢᠶᠠᠷ ᠤᠯᠠᠨ | ᠤᠯᠤᠰ ᠤᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠭᠰᠠᠨ ᠪᠠ ᠠᠬᠢᠭᠤᠯᠵᠤ᠂ ᠲᠡᠯᠡᠬᠡᠢ | ᠨᠡᠶᠢᠳᠡ ᠶᠢᠨ ᠬᠢᠵᠢᠭ ᠲᠠᠢ ᠲᠡᠮᠡᠴᠡᠬᠦ ᠳᠤ ᠴᠢᠳᠠᠯ ᠤᠨ ᠬᠢᠷᠢ ᠪᠠᠷ ᠢᠶᠠᠨ ᠳᠡᠮᠵᠢᠯᠭᠡ ᠪᠠ ᠬᠠᠪᠰᠤᠷᠤᠯᠭ᠎ᠠ | ᠦᠵᠡᠭᠦᠯᠦᠭᠰᠡᠭᠡᠷ ᠢᠷᠡᠵᠠᠢ᠃ ᠳᠤᠮᠳᠠᠳᠤ ᠤᠯᠤᠰ ᠲᠤᠷᠠᠳᠠᠶ᠎ᠠ ᠠᠷᠠᠪ ᠤᠨ ᠤᠯᠤᠰ ᠤᠳ ᠢ ᠪᠠᠭᠳᠠᠭᠠᠬᠰᠠᠨ ᠲᠡᠯᠡᠬᠡᠢ | ᠨᠡᠶᠢᠳᠡ ᠯᠦᠭᠡ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠶᠢᠨ ᠤᠳᠤᠷᠢᠳᠬᠤ ᠤᠢᠢᠯᠡᠳᠤᠯ ᠢᠶᠠᠨ ᠪᠠᠳᠠᠷᠠᠭᠤᠯᠬᠤ ᠶᠢ ᠲᠡᠮᠵᠢᠵᠤ᠂ ᠬᠦᠮᠤᠨ ᠲᠦᠷᠤᠯᠬᠢᠳᠠᠨ ᠤ | ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠬᠠᠮᠳᠤ ᠶᠢᠨ ᠴᠤᠬᠴᠠ ᠶᠢ ᠪᠠᠶᠢᠭᠤᠯᠬᠤ ᠶᠢ ᠬᠠᠮᠳᠤ ᠪᠠᠷ ᠠᠬᠢᠭᠤᠯᠤᠨ᠎ᠠ ᠬᠡᠵᠤ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠤ ᠶᠢᠨ ᠨᠠᠮ ᠤᠨ ᠶᠠᠷᠢᠯᠴᠠᠬᠤ | ᠬᠤᠷᠠᠯ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠠᠷᠠᠪ ᠤᠨ ᠤᠯᠤᠰ ᠤᠳ ᠤᠨ ᠲᠦᠷᠤ ᠶᠢᠨ ᠨᠠᠮ ᠤᠨ | ᠰᠤᠯᠢᠯᠴᠠᠭ᠎ᠠ ᠬᠠᠮᠳᠤᠷᠠᠯᠴᠠᠭ᠎ᠠ ᠬᠢᠬᠦ ᠴᠢᠬᠤᠯᠠ ᠲᠠᠪᠴᠠᠩ ᠪᠤᠯᠤᠨ᠎ᠠ᠃ ᠬᠢᠵᠢᠭ ᠠᠴᠠ ᠪᠤᠯᠤᠬᠰᠠᠨ ᠰᠢᠨ᠎ᠠ ᠪᠠᠶᠢᠳᠠᠯ | ᠰᠢᠨ᠎ᠠ ᠦᠷᠢᠰᠤᠯᠳᠤᠬᠡᠨᠤ ᠡᠮᠦᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠲᠤᠷᠠᠳᠠᠶ᠎ᠠ ᠠᠷᠠᠪ ᠤᠨ ᠡᠯ᠎ᠠ | ᠤᠯᠤᠰ ᠤᠨ ᠲᠦᠷᠤ ᠶᠢᠨ ᠨᠠᠮ ᠲᠠᠢ ᠬᠠᠮᠳᠤ ᠪᠠᠷ ᠳᠤᠮᠳᠠᠳᠤ ᠤᠯᠤᠰ — ᠠᠷᠠᠪ ᠤᠨ ᠤᠯᠤᠰ ᠤᠳ ᠤᠨ | ᠲᠦᠷᠤ ᠶᠢᠨ ᠨᠠᠮ ᠤᠨ ᠶᠠᠷᠢᠯᠴᠠᠭᠠᠨ ᠤ ᠬᠤᠷᠠᠯ ᠤᠨ ᠲᠠᠪᠴᠠᠩ ᠤᠨ ᠤᠢᠢᠯᠡᠳᠤᠯ ᠢ ᠰᠠᠶᠢᠳᠦᠷ ᠪᠠᠳᠠᠷᠠᠭᠤᠯᠵᠤ᠂ | ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠦᠷᠬᠦᠯᠵᠢᠯᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠲᠤᠤᠷᠠᠬᠢ ᠲᠦᠷᠤ ᠶᠢ ᠵᠠᠰᠠᠵᠤ ᠵᠠᠰᠠᠬ ᠢ ᠡᠷᠬᠢᠯᠡᠬᠦ | ᠲᠤᠷᠰᠢᠯᠭ᠎ᠠ ᠶᠢᠨ ᠰᠤᠯᠢᠯᠴᠠᠭ᠎ᠠ ᠶᠢ ᠬᠦᠨᠵᠡᠬᠡᠶᠢᠷᠡᠬᠦᠯᠵᠤ᠂ ᠬᠠᠷᠢᠯᠴᠠᠨ ᠬᠦᠨᠳᠤᠳᠬᠡᠵᠤ᠂ ᠬᠠᠷᠢᠯᠴᠠᠨ ᠰᠤᠷᠤᠯᠴᠠᠬᠤ | ᠪᠠ ᠲᠤᠯᠢᠯᠠᠵᠤ᠂ ᠰᠢᠨ᠎ᠠ ᠴᠠᠬ ᠦᠶ᠎ᠠ ᠶᠢᠨ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ | ᠪᠠᠶᠢᠭᠤᠯᠬᠤ᠂ ᠳᠤᠮᠳᠠᠳᠤ ᠠᠷᠠᠪ ᠬᠤᠶᠠᠷ ᠶᠡᠭᠡ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ | ᠪᠡᠶᠡᠯᠡᠬᠦᠯᠬᠦ᠋ᠢᠨ ᠲᠦᠯᠤᠬᠡ ᠴᠦᠬᠦᠷᠡᠰᠢ ᠦᠬᠡᠢ ᠲᠡᠮᠡᠴᠡᠨ᠎ᠠ᠃ ᠬᠤᠷᠠᠯ ᠤᠨ ᠲᠡᠬᠦᠰ ᠠᠮᠵᠢᠯᠳᠠ ᠤᠯᠬᠤ ᠶᠢ ᠬᠦᠰᠡᠨ | ᠵᠦᠩᠨᠡᠵᠦ ᠪᠠᠶᠢᠨ᠎ᠠ ᠬᠡᠵᠤ ᠢᠯᠡᠳᠬᠡᠪᠡ᠃ | ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦ ᠶᠢᠨ ᠨᠠᠮ ᠤᠨ ᠶᠠᠷᠢᠯᠴᠠᠭᠠᠨ ᠤ ᠬᠤᠷᠠᠯ ᠤᠨ | ᠤᠨᠴᠠᠭᠠᠢ ᠬᠤᠷᠠᠯ ᠢ ᠨᠠᠮ ᠤᠨ ᠲᠦᠪ ᠬᠤᠷᠢᠶᠠᠠ ᠤ ᠭᠠᠲᠠᠭᠠᠲᠤ ᠲᠠᠢ ᠬᠠᠷᠢᠯᠴᠠᠬᠤ ᠬᠡᠯᠳᠡᠰ ᠠᠴᠠ ᠭᠤᠤᠯᠯᠠᠠ | ᠡᠷᠬᠢᠯᠠᠵᠠᠢ᠃ ᠬᠤᠷᠠᠯᠨᠢ 3 ᠡᠲᠦᠷ ᠶᠠᠪᠤᠭᠲᠠᠵᠦ᠂ ︽ᠰᠢᠨ᠎ᠠ ᠴᠠᠭ ᠦᠶ᠎ᠠ ᠶᠢᠨ ᠲᠤᠮᠲᠠᠲᠤ ᠠᠷᠠᠪ ᠤᠨ ᠬᠤᠪᠢ | ᠵᠠᠶᠠᠭᠠᠠ ᠤ ᠬᠠᠮᠲᠤ ᠶᠢᠨ ᠴᠤᠭᠴᠠᠶᠢ ᠭᠠᠷ ᠬᠤᠯᠪᠤᠠ ᠬᠠᠮᠲᠤ ᠪᠠᠷ ᠪᠦᠲᠦᠭᠡᠡ ᠪᠠᠶᠢᠭᠤᠯᠰᠤᠭᠠᠢ︾ ᠪᠠᠷ ᠭᠤᠤᠯ | ᠰᠡᠲᠦᠪ ᠪᠤᠯᠭᠠᠵᠠᠢ᠃ ᠮᠠᠦ᠋ᠷᠢᠲ᠋ᠠᠨᠢᠶ᠎ᠠ ᠶᠢᠨ ᠶᠡᠷᠦᠩᠭᠡᠶᠢᠯᠡᠭᠴᠢ ᠵᠢᠶᠠᠽᠦ᠋ᠸᠠᠨᠢ᠂ ᠫᠠᠯᠧᠰᠲ᠋ᠠᠶᠢᠨ ᠤ ᠲᠡᠷᠢᠭᠦᠯᠡᠭᠴᠢ | ᠹᠠᠲ᠋ᠠᡁᠧ᠂ ᠶᠠᠷᠦᠩᠭᠡᠶᠢᠯᠡᠭᠴᠢ ᠠᠪᠠᠰ᠂ ᠰᠢᠷᠢᠶ᠎ᠠ ᠶᠢᠨ ᠰᠡᠷᠭᠦᠭᠡᠯᠲᠡ ᠨᠠᠮ ᠤᠨ ᠶᠡᠷᠦᠩᠭᠡᠢ ᠱᠦᠵᠢ᠂ ᠶᠡᠷᠦᠩᠭᠡᠶᠢᠯᠡᠭᠴᠢ | ᠪᠠᠱᠠᠷ᠂ ᠮᠤᠷᠤᠺᠺᠤ ᠶᠢᠨ ᠲᠦᠪ ᠭᠤᠤᠯᠴᠢ ᠪᠠ ᠬᠦᠭᠵᠢᠭᠦᠯᠦᠯᠲᠠ ᠨᠠᠮ ᠤᠨ ᠶᠡᠷᠦᠩᠭᠡᠢ ᠱᠦᠵᠢ᠂ ᠲᠡᠷᠢᠭᠦᠨ ᠰᠠᠶᠢᠳ | ᠤᠤᠰᠮᠠᠠᠨᠢ ᠵᠡᠷᠭᠡ ᠠᠷᠠᠪ ᠤᠨ 6 ᠤᠯᠤᠰ ᠤᠨ ᠤᠲᠤᠷᠢᠳᠬᠤ ᠬᠦᠮᠦᠠ ᠬᠤᠷᠠᠯ ᠲᠡᠭᠡᠷ᠎ᠠ ᠪᠠᠶᠠᠷ ᠤᠨ ᠦᠭᠡ ᠬᠡᠯᠡᠵᠦ᠂ | ᠠᠷᠠᠪ ᠤᠨ ᠤᠯᠤᠰ ᠤᠳ ᠤᠨ 60 ᠭᠠᠷᠤᠢ ᠭᠤᠤᠯ ᠲᠦᠷᠦ ᠶᠢᠨ ᠨᠠᠮ ᠤᠨ ᠤᠲᠤᠷᠢᠳᠬᠤ ᠬᠦᠮᠦᠨ ᠤᠷᠤᠯᠴᠠᠵᠠᠢ᠃ | ᠠᠷᠠᠪ ᠤᠨ ᠲᠠᠯ᠎ᠠ ᠶᠢᠨ ᠤᠲᠤᠷᠢᠳᠬᠤ ᠬᠦᠮᠦᠨ᠂ ᠶᠡᠷᠦᠩᠭᠡᠢ ᠱᠦᠵᠢ ᠰᠢ ᠶᠢᠨ ᠫᠢᠩ ᠤᠨ ᠠᠷᠠᠪ ᠲᠤᠮᠲᠠᠲᠤ ᠶᠢᠨ | ᠪᠠᠶᠢᠯᠲᠤᠬᠤ ᠪᠤᠲᠤᠯᠭ᠎ᠠ ᠶᠢᠨ ᠬᠠᠨᠢᠲᠠᠠ ᠤ ᠬᠠᠷᠢᠯᠴᠠᠭ᠎ᠠ ᠶᠢᠨ ᠲᠤᠬᠠᠢ ᠢᠲᠡᠪᠬᠢᠲᠡᠢ ᠦᠨᠡᠯᠡᠯᠳᠡ ᠶᠢ ᠪᠦᠷᠢᠮᠦᠰᠦᠨ | ᠵᠦᠪᠰᠢᠶᠡᠷᠠᠵᠤ ᠪᠠᠶᠢᠨ᠎ᠠ︔ ᠲᠤᠮᠲᠠᠲᠤ ᠤᠯᠤᠰ ᠤᠨ ᠨᠠᠮ ᠪᠠ ᠵᠠᠰᠠᠭ ᠤᠨ ᠤᠷᠲᠤᠨ ᠬᠢᠵᠢᠭ ᠲᠠᠢ ᠲᠡᠮᠡᠴᠡᠬᠦ ᠲᠡᠮᠡᠴᠡᠯ | ᠲᠤᠮᠲᠠ ︽ᠠᠷᠠᠳ ᠲᠦᠮᠡᠡ ᠢ ᠲᠡᠭᠡᠲᠦᠯᠡᠬᠦ︾ ᠵᠠᠰᠠᠭ ᠪᠠᠷᠢᠬᠤ ᠤᠢᠢᠯᠠᠭᠠᠭᠲᠠᠬᠤᠨ ᠢ ᠢᠮᠠᠭᠲᠠ ᠪᠠᠷᠢᠮᠲᠠᠯᠠᠬᠤ ᠶᠢᠨ | ᠬᠠᠮᠳᠤ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠤᠢᠢᠯᠠᠭᠠᠭᠲᠠᠬᠤᠨ ᠢ | ᠪᠠᠷᠢᠮᠲᠠᠯᠠᠵᠤ᠂ ᠤᠯᠠᠠ ᠤᠯᠤᠰᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤ ᠢᠲᠡᠪᠬᠢᠲᠠᠢ ᠤᠷᠤᠯᠴᠠᠭᠰᠠᠠ | ᠪᠦᠭᠡᠳ ᠠᠬᠢᠭᠤᠯᠤᠭᠰᠠᠠ ᠢ ᠲᠡᠭᠡᠲᠦ ᠬᠡᠮᠵᠢᠶ᠎ᠠ ᠪᠠᠷ ᠮᠠᠭᠲᠠᠠ ᠰᠠᠶᠢᠰᠢᠶᠠᠵᠤ ᠪᠠᠶᠢᠨ᠎ᠠ︔ ᠲᠤᠮᠲᠠᠲᠤ ᠶᠢᠨ | ᠲᠠᠯ᠎ᠠ ᠶᠢᠨ ᠬᠢᠨ ᠠᠷᠠᠪ ᠤᠨ ᠤᠯᠤᠰ ᠤᠳ ᠤᠨ ᠡᠷᠭᠡ ᠮᠡᠲᠡᠯ ᠪᠠ ᠲᠤᠰᠠᠭᠠᠷ ᠲᠤᠭᠲᠠᠨᠢᠯ ᠢᠶᠠᠨ ᠬᠠᠮᠠᠭᠠᠯᠠᠬᠤ ᠶᠢ | ᠢᠮᠠᠭᠲᠠ ᠲᠡᠮᠵᠢᠭᠰᠡᠭᠡᠷ ᠢᠷᠡᠭᠰᠡᠡ ᠳᠤ ᠲᠠᠯᠠᠷᠬᠠᠵᠦ᠂ ᠰᠢᠶᠠᠩᠭᠠᠩ᠂ ᠰᠢᠨᠵᠢᠶᠠᠩ ᠤᠨ ᠶᠠᠪᠤᠲᠠᠯ ᠪᠤᠯ ᠲᠤᠮᠲᠠᠲᠤ | ᠤᠯᠤᠰ ᠤᠨ ᠲᠤᠲᠤᠭᠠᠲᠤ ᠵᠠᠰᠠᠭ ᠮᠦᠨ᠂ ᠭᠠᠳᠠᠭᠠᠳᠦ ᠶᠢᠨ ᠬᠦᠴᠤᠨ ᠤ ᠲᠤᠮᠲᠠᠲᠤ ᠤᠯᠤᠰ ᠤᠨ ᠲᠤᠲᠤᠭᠠᠲᠤ | ᠵᠠᠰᠠᠭ ᠲᠤ ᠭᠠᠷ ᠲᠦᠷᠦᠬᠦ ᠶᠢ ᠡᠰᠡᠷᠭᠦᠴᠡᠨ᠎ᠠ︔ ᠲᠤᠷᠠᠲᠠᠶ᠎ᠠ ᠲᠤᠮᠲᠠᠲᠤ ᠤᠯᠤᠰ ᠤᠨ ᠡᠪ ᠬᠠᠮᠲᠤ ᠨᠠᠮ ᠲᠠᠢ | ᠬᠠᠮᠲᠤ ᠪᠠᠷ᠂ ᠪᠠᠶᠢᠯᠲᠤᠬᠤ ᠪᠤᠲᠤᠯᠭ᠎ᠠ ᠶᠢᠨ ᠤᠯᠤᠯᠴᠠᠭ᠎ᠠ ᠪᠠ ᠤᠢᠢᠯᠠᠭᠠᠭᠲᠠᠬᠤᠨ ᠢᠶᠠᠷ ᠬᠠᠷᠢᠯᠴᠠᠠ ᠲᠤᠯᠢᠯᠠᠬᠤ ᠶᠢ | ᠴᠢᠩᠭᠠᠳᠬᠠᠠ᠂ ᠭᠠᠷ ᠬᠤᠯᠪᠤᠯᠴᠠᠠ ᠰᠢᠨ᠎ᠠ ᠴᠠᠭ ᠦᠶ᠎ᠠ ᠶᠢᠨ ᠠᠷᠠᠪ ᠲᠤᠮᠲᠠᠲᠤ ᠶᠢᠨ ᠬᠤᠪᠢ ᠵᠠᠶᠠᠭᠠᠠ ᠤ | ᠬᠠᠮᠲᠤ ᠶᠢᠨ ᠴᠤᠭᠴᠠ ᠶᠢ ᠬᠠᠮᠳᠤ ᠪᠠᠷ ᠪᠠᠶᠢᠭᠤᠯᠤᠨ᠎ᠠ ᠭᠡᠵᠦ ᠢᠯᠡᠳᠭᠡᠪᠡ᠃ |