ᠦᠥᠰᠢᠨ ᠬᠤᠰᠢᠭᠤ ᠪᠣᠯ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠮᠤᠭ ᠡᠮᠦᠨ᠎ᠡ ᠬᠡᠰᠡᠭ᠂ ᠮᠣᠣᠠᠣᠰᠤᠨ ᠡᠯᠡᠰᠦᠨ ᠴᠦᠯ ᠤᠨ | ᠡᠯᠢᠭᠡᠨ ᠳᠤ ᠪᠠᠶᠢᠷᠢᠯᠠᠵᠤ᠂ ᠥᠪᠥᠷ ᠮᠤᠩᠭᠤᠯ ᠱᠠᠨᠰᠢ ᠨᠢᠩᠰᠢᠶᠠ ᠶᠢᠨ ᠡᠨᠧᠷᠬᠢ ᠶᠢᠨ ᠰᠣᠷᠪᠤᠯᠵᠢ ᠶᠢᠨ ᠭᠤᠷᠪᠠᠯᠵᠢᠨ ᠪᠦᠰᠡ ᠶᠢᠨ ᠭᠤᠣᠯᠯᠠᠭᠴᠢ ᠣᠷᠣᠨ ᠳᠤ | ᠪᠠᠶᠢᠭ᠎ᠠ ᠥᠪᠡᠷᠳᠡᠭᠡᠨ ᠵᠠᠰᠠᠬᠤ ᠣᠷᠣᠨ ᠤ ︽ᠡᠮᠦᠨ᠎ᠡ ᠡᠬᠦᠳᠡ︾᠂ ᠱᠠᠨᠰᠢ ᠮᠤᠵᠢ ᠶᠢᠨ ᠲᠡᠮᠡᠭᠡᠲᠤ ᠬᠤᠲᠠ ᠶᠢᠨ ᠢᠦᠢ ᠶᠠᠩ ᠲᠣᠭᠤᠷᠢᠭ᠂ ᠾᠧᠩ ᠱᠠᠨ | ᠲᠣᠭᠤᠷᠢᠭ᠂ ᠵᠢᠩᠪᠢᠶᠡᠨ ᠰᠢᠶᠡᠨ ᠵᠡᠷᠭᠡ ᠭᠠᠵᠠᠷ ᠲᠠᠢ ᠬᠦᠷᠰᠢᠯᠡᠵᠤ᠂ ᠱᠠᠨᠰᠢ ᠮᠤᠵᠢ ᠶᠢᠨ ᠵᠠᠰᠠᠭ ᠵᠠᠬᠢᠷᠭᠠᠨ ᠤ ᠣᠷᠣᠨ ᠲᠠᠢ 283 ᠺᠢᠯᠦᠮᠧᠲᠷ ᠬᠢᠯᠢ | ᠵᠠᠯᠭᠠᠯᠳᠤᠵᠤ ᠪᠤᠢ᠃ ᠪᠦᠬᠦ ᠬᠤᠰᠢᠭᠤᠨ ᠤ ᠶᠡᠷᠥᠩᠬᠡᠢ ᠲᠠᠯᠠᠪᠡᠢ ᠨᠢ 11645 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠵᠠᠰᠠᠭ ᠵᠠᠬᠢᠷᠭᠠᠨ ᠤ ᠣᠷᠣᠨ ᠨᠢ | ᠵᠠᠬᠦᠨᠰᠢ ᠪᠠᠷᠠᠭᠤᠨᠰᠢ ᠪᠠᠨ 104 ᠺᠢᠯᠦᠮᠧᠲᠷ᠂ ᠡᠮᠦᠨᠡᠰᠢ ᠤᠮᠠᠷᠠᠰᠢ ᠪᠠᠨ 194 ᠺᠢᠯᠦᠮᠧᠲᠷ ᠪᠤᠢ᠂ ᠬᠠᠷᠢᠶᠠᠨ ᠳᠠᠭᠠᠨ 6 ᠰᠤᠮᠤ ᠪᠠᠯᠭᠠᠰᠤ᠂ 61 ᠭᠠᠴᠠᠭ᠎ᠠ | ᠲᠣᠰᠬᠤᠨ ᠲᠠᠢ ᠪᠠᠶᠢᠵᠤ᠂ ᠶᠡᠷᠥᠩᠬᠡᠢ ᠬᠦᠮᠦᠨ ᠠᠮᠠ ᠨᠢ 13.27 ᠲᠦᠮᠡ᠂ ᠡᠬᠦᠨ ᠳᠤ ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠮᠠ 6.3 ᠲᠦᠮᠡ | ᠪᠠᠶᠢᠨ᠎ᠠ᠃ ᠦᠥᠰᠢᠨ ᠬᠤᠰᠢᠭᠤ ᠨᠢ ᠦᠨᠢ ᠣᠳᠠᠭᠠᠨ ᠲᠡᠦᠬᠡ ᠰᠣᠷᠪᠤᠯᠵᠢ᠂ ᠭᠦᠨ ᠵᠤᠵᠠᠭᠠᠨ ᠰᠣᠶᠣᠯ ᠤᠨ ᠠᠭᠤᠯᠬᠤᠨ᠂ ᠢᠷᠠᠭᠤ ᠠᠯᠳᠠᠷᠲᠣ ᠬᠤᠪᠢᠰᠬᠠᠯ ᠤᠨ | ᠣᠯᠠᠮᠵᠢᠯᠠᠯ ᠲᠠᠢ ᠪᠠᠶᠢᠵᠤ ᠲᠡᠯᠡᠬᠡᠢ ᠳ᠋ᠠᠬᠢᠨ᠎ᠠ ᠠᠯᠳᠠᠷᠰᠢᠭᠰᠠᠨ ︽ᠣᠷᠳᠣᠰ ︵ᠪᠣᠷᠣᠳᠣᠬᠤᠢ︶ ᠬᠦᠮᠦᠨ︾ ᠤ ᠦᠯᠦᠬᠡᠢ ᠨᠤᠲᠤᠭ ᠪᠠ ︽ᠲᠤᠭᠤᠶᠢᠯᠠᠩ ᠤᠨ | ᠬᠦᠳᠡᠯᠭᠡᠭᠡᠨ︾ ᠤ ᠭᠤᠯᠤᠮᠲᠠ ᠤᠷᠤᠨ ᠮᠦᠨ᠂ ᠮᠦᠨᠴᠦ ᠪᠦᠬᠦ ᠣᠷᠣᠨ ᠤ ᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠨᠢᠭᠡ ᠪᠤᠯᠤᠨ᠎ᠠ᠃ | ᠬᠤᠰᠢᠭᠤᠨ ᠤ ᠡᠬᠢ ᠪᠠᠶᠠᠯᠢᠭ ᠡᠯᠪᠡᠭ ᠲᠡᠯᠪᠡᠭ ᠪᠠᠶᠢᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠶᠢᠨ ᠲᠤᠳᠤᠯᠠᠭᠰᠠᠨ ᠬᠠᠳᠠᠭᠠᠯᠠᠭᠳᠠᠴᠠ ᠨᠢ 1.2 ᠲᠦᠮᠡᠨ | ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ᠂ ᠨᠡᠬᠦᠷᠡᠰᠦᠨ ᠤ ᠬᠠᠶᠢᠨ ᠲᠤᠳᠤᠯᠠᠭᠰᠠᠨ ᠬᠠᠳᠠᠭᠠᠯᠠᠭᠳᠠᠴᠠ ᠨᠢ 650 ᠳ᠋ᠥᠩᠰᠢᠭᠤᠷ ᠲᠣᠠ᠂ ᠣᠰᠣᠨ ᠤ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ 7.75 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠪᠤᠢ᠃ ᠣᠳᠣ ᠪᠠᠶᠢᠭ᠎ᠠ ᠣᠰᠣᠨ ᠭᠠᠵᠠᠷ 65 ᠲᠦᠮᠡᠨ ᠮᠦ᠂ | ᠦᠨᠳᠦᠰᠥᠨ ᠨᠤᠲᠤᠭ ᠪᠡᠯᠴᠢᠭᠡᠷ 1060 ᠲᠦᠮᠡᠨ ᠮᠦ᠂ ᠣᠢ ᠰᠢᠭᠤᠢ ᠶᠢᠨ ᠡᠬᠢ ᠪᠠᠶᠠᠯᠢᠭ ᠤᠨ ᠲᠠᠯᠠᠪᠠᠢ 570 ᠲᠦᠮᠡᠨ ᠮᠦ᠂ ᠥᠢᠲᠤ ᠭᠠᠵᠠᠷ ᠤᠨ ᠲᠠᠯᠠᠪᠡᠢ | 896 ᠲᠦᠮᠡᠨ ᠮᠦ ᠪᠠᠶᠢᠵᠤ᠂ ᠣᠷᠭᠤᠮᠠᠯ ᠤᠨ ᠪᠦᠷᠬᠦᠴᠡ ᠶᠢᠨ ᠨᠣᠷᠮ᠎ᠠ 80% ᠳᠤ ᠬᠦᠷᠦᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 32.9% ᠳᠤ | ᠬᠦᠷᠪᠡ᠃ | ᠣᠷᠴᠢᠮ ᠤᠨ ᠵᠢᠯ ᠠᠴᠠ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ | ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ | ᠶᠢᠨ ᠦᠪᠣᠷ ᠮᠣᠩᠭᠤᠯ ᠤᠨ ᠠᠵᠢᠯ ᠳᠤ ᠳᠠᠯᠪᠢᠭᠰᠠᠨ ᠴᠢᠬᠤᠯᠠ ᠶᠠᠷᠢᠶ᠎ᠠ ᠪᠠ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠠᠶᠢᠯᠳᠣᠬᠤ ᠪᠣᠳᠣᠯᠭ᠎ᠠ ᠶᠢᠨ ᠪᠠᠶᠢᠷᠢ ᠳᠣᠭᠳᠠᠭᠠᠯᠳᠠ ᠵᠢᠴᠢ ᠬᠠᠳᠣᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ | ᠪᠠ ᠴᠢᠨᠡᠷ ᠰᠠᠶᠢᠳᠠᠢ ᠬᠦᠭᠵᠢᠯᠳᠡ ᠶᠢᠨ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠣᠨᠣᠪᠴᠢᠳᠠᠢ ᠡᠵᠡᠮᠳᠡᠵᠣ ᠠᠮᠢ ᠠᠬᠤᠢ ᠶᠢ | ᠳᠠᠷᠢᠬᠦᠨ ᠪᠠᠶᠢᠷᠢᠨ ᠳᠤ ᠳᠠᠯᠪᠢᠨ ᠪᠣᠬᠢᠷᠳᠣᠯ ᠦᠬᠡᠢ ᠬᠦᠭᠵᠢᠯᠳᠡ ᠪᠠᠷ ᠣᠳᠣᠷᠢᠳᠣᠭᠤᠯᠣᠭᠰᠠᠨ ᠴᠢᠨᠡᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠵᠣ ᠠᠮᠢ | ᠠᠬᠤᠢ ᠶᠢᠨ ᠳᠠᠭᠠᠭᠤᠯᠣᠭᠴᠢ᠂ ᠣᠳᠣ ᠦᠶ᠎ᠡ ᠶᠢᠨ ᠡᠨᠧᠷᠬᠢ ᠶᠢᠨ ᠠᠵᠣ ᠠᠬᠤᠢ ᠶᠢᠨ ᠰᠢᠨ᠎ᠡ ᠣᠷᠣᠨ᠂ ᠪᠣᠬᠢᠷᠳᠣᠯ ᠦᠬᠡᠢ ᠮᠠᠯ ᠳᠠᠷᠢᠶᠠᠯᠠᠩ ᠤᠨ | ᠪᠦᠳᠦᠬᠡᠭᠳᠡᠬᠦᠨ ᠤ ᠳᠠᠪᠠᠭᠤᠯᠢᠭ ᠲᠠᠢ ᠣᠷᠣᠨ᠂ ᠣᠳᠣ ᠦᠶ᠎ᠡ ᠶᠢᠨ ᠣᠶᠢᠯᠡᠴᠢᠯᠡᠬᠡᠨ ᠲᠦᠪᠯᠡᠷᠡᠭᠰᠡᠨ ᠣᠷᠣᠨ᠂ ᠦᠨᠳᠣᠰᠣᠳᠠᠨ ᠤ ᠪᠦᠯᠬᠦᠮᠳᠠᠯ ᠤᠨ ᠵᠢᠱᠢᠶᠠᠴᠢ | ᠣᠷᠣᠨ ᠢ ᠪᠦᠳᠦᠬᠡᠨ ᠪᠠᠶᠢᠭᠤᠯᠵᠣ᠂ ᠨᠢᠬᠡᠳᠣᠬᠡᠷ ᠬᠤᠶᠠᠳᠣᠭᠠᠷ ᠭᠤᠷᠪᠠᠳᠣᠭᠠᠷ ᠠᠵᠣ ᠣᠶᠢᠯᠡᠰ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ ᠬᠦᠭᠵᠢᠯᠳᠡ | ᠶᠢᠨ ᠬᠢᠷᠢ ᠲᠦᠪᠰᠢᠨ ᠢᠶᠠᠷ ᠨᠡᠩ ᠦᠨᠳᠣᠷ᠂ ᠠᠮᠢ ᠠᠬᠤᠢ ᠣᠷᠴᠢᠨ ᠳᠣᠭᠤᠷᠢᠨ ᠨᠢ ᠨᠡᠩ ᠦᠵᠡᠰᠬᠦᠯᠡᠩ᠂ ᠠᠷᠠᠳ ᠤᠨ ᠠᠮᠢᠳᠣᠷᠠᠯ ᠨᠢ ᠨᠡᠩ ᠰᠠᠶᠢᠨ ᠨᠣᠮᠢᠨ | ᠳᠠᠩᠰᠤᠭ ᠦᠣᠰᠢᠨ ᠨᠣᠳᠤᠭ ᠡᠬᠡ ᠣᠷᠣᠨ ᠤ ᠣᠮᠠᠷᠠᠳᠣ ᠶᠢᠨ ᠦᠵᠡᠰᠬᠦᠯᠡᠩᠳᠣ ᠰᠠᠶᠢᠬᠠᠨ ᠦᠵᠡᠮᠵᠢ ᠶᠢᠨ ᠣᠷᠣᠨ ᠳᠤ ᠬᠦᠭᠵᠢᠨ ᠮᠠᠨᠳᠣᠵᠣ ᠪᠠᠶᠢᠨ᠎ᠠ᠃ |