ᠭᠠᠯᠠᠭᠤᠲᠤ ᠪᠠᠯᠭᠠᠰᠤ ᠪᠤᠯ ᠦᠤᠰᠢᠨ ᠬᠤᠰᠢᠭᠤᠨ ᠤ ᠵᠠᠰᠠᠭ ᠤᠨ ᠤᠷᠲᠤᠨ ᠪᠠᠶᠢᠭ᠎ᠠ ᠭᠠᠵᠠᠷ᠂ ᠤᠤᠯ ᠤᠨ ᠪᠠᠶᠠᠨᠴᠠᠶᠢᠲᠠᠮ ᠰᠢᠶᠠᠩ᠂ ᠲᠠᠪᠴᠠᠭ | ᠪᠠᠯᠭᠠᠰᠤ ᠪᠠ ᠭᠠᠯᠠᠭᠤᠲᠤ ᠰᠤᠮᠤ ᠢ ᠤᠷᠢᠳ ᠬᠤᠵᠢᠳ ᠨᠢᠭᠡᠳᠭᠡᠨ ᠪᠠᠶᠢᠭᠤᠯᠤᠬᠰᠡᠨ ᠪᠠᠯᠭᠠᠰᠤ ᠪᠠᠶᠢᠵᠤ᠂ ᠪᠦᠭᠦ ᠬᠤᠰᠢᠭᠤᠨ ᠤ ᠤᠯᠤᠰ ᠲᠦᠷᠦ᠂ ᠠᠵᠤ | ᠠᠬᠤᠢ᠂ ᠰᠤᠶᠤᠯ᠂ ᠮᠡᠲᠡᠭᠡ ᠵᠠᠩᠭᠢ᠂ ᠠᠷᠠᠯᠵᠢᠶ᠎ᠠ ᠬᠤᠲᠠᠯᠲᠤᠭᠠᠨ ᠤ ᠲᠦᠪ ᠪᠤᠯᠤᠨ᠎ᠠ᠃ ᠡᠮᠤᠨᠡᠰᠢ ᠱᠠᠨᠰᠢ ᠮᠤᠵᠢ ᠶᠢᠨ ᠲᠡᠮᠡᠭᠡᠲᠤ ᠬᠤᠲᠠ ᠠᠴᠠ 100 | ᠺᠢᠯᠤᠮᠧᠲᠷ᠂ ᠵᠡᠭᠦᠨᠰᠢ ᠤᠷᠲᠤᠰ ᠬᠤᠲᠠ ᠶᠢᠨ ᠭᠢᠶ᠎ᠠ ᠪᠠᠭᠰᠢ ᠲᠤᠭᠤᠷᠢᠭ ᠠᠴᠠ 160 ᠺᠢᠯᠤᠮᠧᠲᠷ ᠵᠠᠢ ᠲᠠᠢ᠂ ᠵᠠᠰᠠᠭ ᠵᠠᠭᠢᠷᠭᠠᠨ ᠤ ᠶᠡᠷᠤᠩᠭᠡᠢ ᠲᠠᠯᠠᠪᠠᠢ | 2309.4 ᠲᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠤ 12 ᠭᠠᠴᠠᠭ᠎ᠠ ᠲᠤᠰᠬᠤᠨ᠂ 6 ᠨᠡᠶᠢᠭᠡᠮ ᠲᠤᠭᠤᠷᠢᠭ ᠲᠠᠢ᠂ ᠶᠡᠷᠤᠩᠭᠡᠢ ᠭᠦᠮᠦᠨ ᠠᠮᠠ | 67442᠂ ᠡᠭᠦᠨ ᠳᠤ ᠨᠡᠭᠦᠲᠡᠯ ᠭᠦᠮᠦᠨ ᠠᠮᠠ 18949᠂ ᠪᠠᠶᠢᠩᠭᠤ ᠰᠠᠭᠤᠭ᠎ᠠ ᠭᠦᠮᠦᠨ ᠠᠮᠠ 48493᠂ ᠮᠠᠯᠵᠢᠬᠤ ᠲᠠᠷᠢᠶᠠᠯᠠᠬᠤ ᠤᠷᠤᠨ ᠤ ᠭᠦᠮᠦᠨ | ᠠᠮᠠ 8407 ᠪᠣᠢ᠃ ᠲᠠᠷᠢᠶᠠᠨ ᠭᠠᠵᠠᠷ ᠤᠨ ᠲᠠᠯᠠᠪᠠᠢ 13.8 ᠲᠦᠮᠡᠨ ᠮᠤ᠋᠂ ᠮᠠᠯ ᠤᠨ ᠲᠤᠭ᠎ᠠ 20.94 ᠲᠦᠮᠡ ᠪᠤᠢ᠃ | ᠦᠢᠷ᠎ᠠ ᠶᠢᠨ ᠵᠢᠯ ᠠᠴᠠ ᠨᠠᠰᠢ᠂ ᠭᠠᠯᠠᠭᠤᠲᠤ ᠪᠠᠯᠭᠠᠰᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠪᠤᠲᠤᠯᠭ᠎ᠠ ᠪᠠᠶᠢᠷᠢᠯᠠᠭᠤᠯᠤᠯᠲᠠ ᠶᠢ | ᠴᠢᠩᠭ᠎ᠠ ᠨᠠᠶᠢᠲᠠᠪᠤᠷᠢᠵᠢᠭᠤᠯᠵᠤ᠂ ︽ᠭᠦᠭᠵᠢᠯᠲᠡ ᠶᠢᠨ ᠲᠤᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠰᠠᠶᠢᠲᠤᠷ | ᠠᠳᠬᠤᠨ ᠭᠦᠭᠵᠢᠯᠲᠡ ᠶᠢ ᠠᠭᠢᠭᠤᠯᠬᠤ︾ ᠰᠡᠳᠭᠢᠴᠡ ᠶᠢ ᠢᠮᠠᠬᠲᠠ ᠪᠠᠷᠢᠮᠲᠠᠯᠠᠨ ︽135︾ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠬᠪᠤᠷ ᠢ | ᠢᠲᠡᠪᠭᠢᠲᠡᠢ ᠰᠦᠪᠡᠭᠴᠢᠯᠡᠵᠦ᠂ ᠤᠷᠤᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠪᠠᠶᠢᠲᠠᠯ ᠢ ᠴᠢᠷᠮᠠᠶᠢᠨ ᠪᠠᠶᠢᠭᠤᠯᠵᠤ ᠨᠠᠮ ᠤᠨ ᠪᠠᠶᠢᠭᠤᠯᠤᠯᠲᠠ ᠶᠢᠨ | ᠠᠵᠢᠯ ᠡᠯ᠎ᠡ ᠲᠦᠷᠦᠯ ᠤᠨ ᠠᠵᠢᠯ ᠢ ᠦᠨᠡᠨᠬᠦ ᠤᠲᠤᠷᠢᠳᠬᠤ᠂ ᠲᠦᠪ ᠤᠨ ᠠᠵᠢᠯ ᠢ ᠲᠦᠯᠭᠢᠨ ᠠᠭᠢᠭᠤᠯᠬᠤ ᠪᠠ ᠭᠤᠤᠯ ᠠᠵᠢᠯ ᠢ ᠦᠨᠡᠨᠬᠦ ᠪᠤᠲᠠᠲᠠᠶᠢᠵᠢᠭᠤᠯᠵᠤ | ᠂ ᠪᠦᠭᠦ ᠪᠠᠯᠭᠠᠰᠤᠨ ᠤ ︽ᠬᠤᠶᠠᠷ ᠪᠦᠭᠦ︾ ᠪᠠ ︽ᠲᠦᠷᠪᠡᠨ ᠲᠤᠭᠤᠷᠢᠭ ᠭᠤᠷᠪᠠᠨ ᠤᠷᠤᠨ ᠬᠤᠶᠠᠷ ᠪᠦᠰᠡ ᠨᠢᠭᠡ ᠰᠦᠯᠵᠢᠶ᠎ᠡ︾ ᠶᠢᠨ ᠠᠵᠤ ᠦᠢᠯᠡᠰ ᠤᠨ | ᠭᠦᠭᠵᠢᠯᠲᠡ ᠶᠢᠨ ᠰᠡᠳᠭᠢᠴᠡ ᠶᠢ ᠲᠤᠬᠲᠠᠭᠠᠪᠠ᠃ ᠲᠠᠷᠤᠢ ᠪᠦᠭᠦ ᠭᠡᠪᠴᠢᠶ᠎ᠡ ᠶᠢᠨ ᠬᠤᠲᠠ ᠶᠢᠨ ᠲᠡᠭᠦᠷᠭᠡ᠂ ᠪᠦᠭᠦ ᠤᠷᠤᠨ ᠪᠦᠰᠡ ᠶᠢᠨ ᠵᠢᠭᠤᠯᠴᠢᠯᠠᠯ᠂ ᠤᠲᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠡᠯᠧᠮᠧᠨ᠋ᠲ ᠪᠦᠷᠢᠯᠲᠦᠭᠰᠡᠨ ᠭᠤᠤᠯᠲᠠᠯᠭᠠᠲᠤ ᠲᠤᠭᠤᠷᠢᠭ᠂ ᠠᠮᠢ ᠠᠬᠤᠢ ᠶᠢᠨ ᠰᠤᠪᠢᠯᠠᠬᠤ ᠲᠤᠭᠤᠷᠢᠭ᠂ | ᠦᠨᠲᠦᠰᠦᠲᠡᠨ ᠤ ᠰᠤᠶᠤᠯ ᠢ ᠪᠡᠶᠡᠴᠢᠯᠡᠨ ᠤᠶᠢᠯᠠᠭᠠᠬᠤ ᠲᠤᠭᠤᠷᠢᠭ᠂ ᠰᠡᠯᠡᠬᠦᠴᠡᠯ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ | ᠪᠣᠯᠤᠨ᠎ᠠ︔ ᠡᠮᠤᠨ᠎ᠡ ᠪᠡᠶ᠎ᠡ ᠳᠤ ᠦᠪᠡᠷᠮᠢᠴᠡ ᠤᠨᠴᠠᠯᠢᠭ ᠲᠠᠢ ᠲᠠᠷᠢᠵᠦ ᠲᠡᠵᠢᠭᠡᠭᠦ ᠶᠢ ᠲᠦᠭᠡᠮᠡᠯᠵᠢᠭᠦᠯᠭᠦ ᠤᠷᠤᠨ ᠢ ᠪᠠᠶᠢᠭᠤᠯᠬᠤ᠂ ᠬᠤᠶᠢᠲᠤ ᠪᠡᠶ᠎ᠡ ᠳᠤ | ᠤᠷᠲᠤᠰ ᠨᠠᠷᠢᠨ ᠨᠤᠤᠰᠤᠲᠤ ᠬᠤᠨᠢᠨ ᠲᠡᠵᠢᠭᠡᠪᠦᠷᠢ ᠶᠢᠨ ᠭᠤᠤᠯᠲᠠᠯᠭᠠᠲᠤ ᠤᠷᠤᠨ ᠢ ᠪᠠᠶᠢᠭᠤᠯᠬᠤ᠂ ᠬᠤᠲᠠ ᠶᠢᠨ ᠲᠡᠭᠦᠷᠭᠡ ᠪᠠᠷ ᠲᠠᠷᠢᠶᠠᠯᠠᠩ ᠮᠠᠯ ᠠᠵᠤ ᠠᠬᠤᠢ | ᠶᠢᠨ ᠪᠦᠲᠦᠭᠡᠭᠲᠡᠭᠦᠨ ᠤ ᠬᠠᠩᠭᠠᠯᠭ᠎ᠠ ᠪᠠ ᠲᠦᠭᠦᠭᠡᠷᠦᠮᠵᠢᠲᠦ ᠲᠠᠷᠢᠶᠠᠯᠠᠩ ᠶᠢ ᠭᠦᠭᠵᠢᠭᠦᠯᠭᠦ ᠤᠷᠤᠨ ᠢ ᠪᠠᠶᠢᠭᠤᠯᠬᠤ ᠪᠣᠯᠤᠨ᠎ᠠ︔ ᠬᠤᠶᠢᠲᠤ ᠪᠡᠶ᠎ᠡ ᠳᠤ ᠰᠠᠶᠢᠨ | ᠦᠷ᠎ᠡ ᠪᠦᠲᠦᠮᠵᠢᠲᠦ ᠭᠡᠷ ᠪᠦᠯᠢ ᠶᠢᠨ ᠮᠠᠯᠵᠢᠯ ᠤᠨ ᠲᠠᠯᠠᠪᠤᠷ ᠢᠶᠠᠷ ᠲᠤᠯᠤᠭᠠᠶᠢᠯᠠᠬᠴᠢ ᠪᠤᠯᠭᠠᠵᠤ᠂ ᠮᠠᠯᠴᠢᠨ ᠠᠶᠢᠯ ᠤᠨ ᠵᠣᠴᠢᠯᠠᠭ᠎ᠠ ᠪᠠ ᠲᠠᠯ᠎ᠠ ᠨᠤᠲᠤᠭ ᠤᠨ | ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠢᠶᠠᠷ ᠭᠤᠤᠯᠲᠠᠯᠭ᠎ᠠ ᠪᠠᠨ ᠪᠤᠯᠭᠠᠬᠰᠡᠨ ᠠᠵᠤ ᠦᠢᠯᠡᠰ ᠤᠨ ᠪᠦᠰᠡ᠂ ᠡᠮᠤᠨ᠎ᠡ ᠪᠡᠶ᠎ᠡ ᠳᠤ ᠦᠪᠡᠷᠮᠢᠴᠡ | ᠤᠨᠴᠠᠯᠢᠭ ᠲᠠᠢ ᠲᠠᠷᠢᠵᠦ ᠲᠡᠵᠢᠭᠡᠭᠦ ᠦᠢᠯᠡᠰ ᠢᠶᠠᠷ ᠲᠤᠯᠤᠭᠠᠶᠢᠯᠠᠬᠴᠢ ᠪᠤᠯᠭᠠᠵᠤ᠂ ᠲᠠᠷᠢᠶᠠᠴᠢᠨ ᠠᠶᠢᠯ ᠤᠨ ᠵᠣᠴᠢᠯᠠᠭ᠎ᠠ ᠪᠠ ᠭᠦᠲᠡᠭᠡ ᠲᠤᠰᠬᠤᠨ ᠤ ᠰᠡᠯᠡᠭᠦᠴᠡᠨ | ᠠᠮᠠᠷᠠᠬᠤ ᠵᠢᠭᠤᠯᠴᠢᠯᠠᠯ ᠢᠶᠠᠷ ᠭᠤᠤᠯᠲᠠᠯᠭ᠎ᠠ ᠪᠠᠨ ᠪᠤᠯᠭᠠᠬᠰᠡᠨ ᠠᠵᠤ ᠦᠢᠯᠡᠰ ᠤᠨ ᠪᠦᠰᠡ ᠪᠣᠯᠤᠨ᠎ᠠ︔ ᠬᠤᠲᠠ ᠭᠦᠲᠡᠭᠡ ᠶᠢ ᠪᠦᠭᠦᠨ ᠢ ᠪᠦᠷᠭᠦᠭᠰᠡᠨ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠲᠡᠭᠦᠨ ᠤ ᠡᠯᠧᠺᠲᠷᠤᠨ ᠬᠤᠲᠠᠯᠲᠤᠭᠠᠨ ᠤ ᠦᠢᠯᠡᠴᠢᠯᠡᠭᠡᠨ ᠤ ᠰᠦᠯᠵᠢᠶᠡᠨ ᠲᠠᠪᠴᠠᠩ ᠶᠢ ᠶᠠᠭ ᠪᠠᠶᠢᠭᠤᠯᠵᠤ ᠪᠤᠢ | ᠃ ᠠᠵᠤ ᠦᠢᠯᠡᠰ ᠤᠨ ᠪᠦᠲᠦᠴᠡ ᠶᠢ ᠰᠢᠯᠢᠲᠡᠭᠵᠢᠭᠦᠯᠵᠦ᠂ ᠰᠤᠶᠤᠯ ᠤᠨ ᠦᠢᠯᠡᠰ ᠢ ᠶᠡᠭᠡᠪᠡᠷ ᠭᠦᠭᠵᠢᠭᠦᠯᠦᠨ ᠠᠷᠠᠳ ᠤᠨ ᠠᠮᠢᠲᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠬᠤᠲᠠ ᠭᠦᠲᠡᠭᠡ ᠶᠢᠨ ᠨᠢᠭᠡᠲᠤᠯᠲᠡᠢ ᠲᠦᠯᠦᠪᠵᠢᠭᠦᠯᠭᠡ ᠶᠢ ᠲᠦᠷᠭᠡᠳᠭᠡᠨ ᠠᠮᠢ ᠠᠬᠤᠢ ᠶᠢᠨ ᠤᠷᠴᠢᠨ ᠲᠤᠭᠤᠷᠢᠨ ᠶᠡᠭᠡᠲᠡ ᠰᠠᠶᠢᠵᠢᠷᠠᠵᠤ᠂ | ᠤᠯᠠᠨ ᠨᠡᠶᠢᠲᠡ ᠶᠢᠨ ᠦᠨᠲᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠦᠷᠢᠨᠰᠢᠭᠦᠯᠦᠨ ᠨᠠᠶᠢᠭᠡᠮ ᠤᠨ ᠲᠠᠭᠠᠳᠬᠠᠯ ᠤᠨ ᠰᠢᠰᠲ᠋ᠧᠮ ᠨᠡᠩ | ᠲᠡᠭᠦᠯᠲᠡᠷᠵᠢᠵᠦ᠂ ᠤᠯᠠᠨ ᠲᠦᠮᠡᠨ ᠤ ᠠᠮᠢᠲᠤᠷᠠᠯ ᠤᠨ ᠭᠢᠷᠢ ᠲᠦᠪᠰᠢᠨ ᠢᠯᠡᠳᠲᠡ ᠲᠡᠭᠡᠭᠰᠢᠯᠡᠨ ᠪᠦᠭᠦ ᠪᠠᠯᠭᠠᠰᠤᠨ ᠤ ᠶᠡᠷᠤᠩᠭᠡᠢ ᠠᠵᠤ ᠠᠬᠤᠢ ᠶᠢᠨ ᠪᠤᠲᠠᠲᠤ | ᠭᠦᠴᠦᠨ ᠢᠯᠡᠳᠲᠡ ᠲᠡᠭᠡᠭᠰᠢᠯᠡᠵᠦ᠂ ᠶᠡᠷᠤᠩᠭᠡᠢ ᠪᠤᠲᠠᠲᠤ ᠭᠢᠷᠢ ᠪᠦᠲᠦᠮᠵᠢ ᠵᠠᠯᠭᠠᠭ᠎ᠠ ᠭᠡᠲᠤᠨ ᠵᠢᠯ ᠰᠤᠮᠤ ᠪᠠᠯᠭᠠᠰᠤᠨ ᠤ ᠲᠡᠷᠢᠭᠦᠨ ᠳᠤ ᠪᠠᠶᠢᠷᠢᠯᠠᠪᠠ᠃ | 2017 ᠤᠨ ᠤ ᠰᠡᠭᠦᠯᠴᠢ᠂ ᠬᠤᠲᠠ ᠭᠦᠲᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠦᠮᠦᠨ ᠲᠤᠮᠲᠠᠴᠢ ᠡᠵᠡᠮᠲᠡᠨ ᠲᠤᠭᠢᠷᠠᠭᠤᠯᠬᠤ ᠤᠷᠤᠯᠭ᠎ᠠ | ᠲᠣᠰᠪᠦᠷᠢ 41700 ᠲᠦᠭᠦᠷᠢᠭ ᠪᠠ 17000 ᠲᠦᠭᠦᠷᠢᠭ ᠭᠦᠷᠴᠦ᠂ ᠵᠢᠯ ᠳᠤ ᠲᠤᠮᠲᠠᠴᠢ ᠪᠠᠷ ᠲᠣᠰᠪᠦᠷᠢ 8.5% ᠪᠠ10% ᠪᠠᠷ ᠨᠡᠮᠡᠭᠲᠡᠪᠡ᠃ | ᠭᠠᠯᠠᠭᠤᠲᠤ ᠪᠠᠯᠭᠠᠰᠤ ᠤᠲᠤ ᠨᠢᠭᠡᠨᠲᠡ ᠦᠤᠰᠢᠨ ᠬᠤᠰᠢᠭᠤᠨ ᠤ ᠴᠢᠬᠤᠯᠠ ᠠᠵᠤ ᠦᠢᠯᠡᠰ ᠤᠨ ᠰᠠᠭᠤᠷᠢᠨ ᠭᠠᠵᠠᠷ ᠪᠤᠯᠪᠠ᠃ ᠤᠷᠲᠤᠰ ᠨᠠᠷᠢᠨ | ᠨᠤᠤᠰᠤᠲᠤ ᠬᠤᠨᠢᠨ ᠤ ᠡᠬᠦᠯᠳᠡᠷ ᠤᠨ ᠬᠤᠨᠢᠨ ᠰᠠᠭᠤᠷᠢᠨ ᠭᠠᠵᠠᠷ ᠪᠠ ᠭᠤᠤᠯ ᠮᠠᠯᠵᠢᠯ ᠤᠨ ᠰᠠᠭᠤᠷᠢᠨ ᠭᠠᠵᠠᠷ ᠪᠤᠯᠤᠨ᠎ᠠ᠃ 300 ᠲᠣᠯᠤᠭᠠᠢ ᠠᠴᠠ ᠲᠡᠭᠡᠭᠰᠢ | ᠨᠠᠷᠢᠨ ᠨᠤᠤᠰᠤᠲᠤ ᠬᠤᠨᠢᠨ ᠮᠠᠯᠵᠢᠯ ᠤᠨ ᠲᠤᠮᠤ ᠡᠷᠤᠭᠡ 28 ᠪᠠᠶᠢᠵᠦ᠂ ᠨᠠᠷᠢᠨ ᠨᠤᠤᠰᠤᠲᠤ ᠬᠤᠨᠢ 16.9 ᠲᠦᠮᠡ ᠭᠦᠷᠪᠡ᠃ ᠪᠦᠭᠦ ᠬᠤᠰᠢᠭᠤᠨ ᠤ | ᠨᠡᠭᠦᠷᠡᠰᠤ᠂ ᠪᠠᠶᠢᠭᠠᠯᠢ ᠶᠢᠨ ᠰᠢᠲᠠᠮᠠᠬᠠᠢ ᠭᠡᠢ ᠶᠢᠨ ᠡᠭᠢ ᠪᠠᠶᠠᠯᠢᠭ ᠢ ᠨᠡᠭᠡᠭᠡᠭᠦ ᠴᠢᠬᠤᠯᠠ ᠰᠠᠭᠤᠷᠢᠨ ᠭᠠᠵᠠᠷ ᠪᠤᠯᠤᠨ᠎ᠠ᠃ ᠪᠠᠶᠢᠭᠠᠯᠢ ᠶᠢᠨ ᠰᠢᠲᠠᠮᠠᠬᠠᠢ ᠭᠡᠢ ᠶᠢᠨ | ᠭᠠᠷᠭᠠᠯᠲᠠ ᠨᠢ ᠪᠠᠷᠤᠭ ᠪᠦᠭᠦ ᠬᠤᠰᠢᠭᠤᠨ ᠤ ᠪᠠᠶᠢᠭᠠᠯᠢ ᠶᠢᠨ ᠰᠢᠲᠠᠮᠠᠬᠠᠢ ᠭᠡᠢ ᠶᠢᠨ ᠶᠡᠷᠤᠩᠭᠡᠢ ᠭᠠᠷᠭᠠᠯᠲᠠ ᠶᠢᠨ ᠭᠤᠷᠪᠠᠨ ᠤ ᠨᠢᠭᠡ ᠶᠢ ᠡᠵᠡᠯᠡᠵᠦ᠂ | ᠲᠦᠯᠦᠪᠵᠢᠭᠦᠯᠭᠡ ᠪᠠᠷ 5 ᠬᠤᠳᠲᠤᠭ ᠲᠠᠢ ᠪᠠᠶᠢᠵᠤ᠂ ᠡᠭᠦᠨ ᠳᠤ 2 ᠮᠢᠩᠭᠠᠨ ᠲᠦᠮᠡᠨ ᠲᠣᠠ ᠨᠡᠭᠦᠷᠡᠰᠤᠨ ᠠᠭᠤᠷᠬᠠᠢ ᠶᠢ ᠶᠠᠭ ᠪᠠᠶᠢᠭᠤᠯᠵᠤ ᠪᠤᠢ᠃ ᠪᠦᠭᠦ | ᠬᠤᠰᠢᠭᠤᠨ ᠤ ᠤᠲᠤ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠨ ᠭᠦᠭᠵᠢᠭᠰᠡᠨ ᠰᠠᠭᠤᠷᠢᠨ ᠭᠠᠵᠠᠷ ᠪᠤᠯᠤᠨ᠎ᠠ᠃ ᠰᠤᠶᠤᠯ ᠵᠢᠭᠤᠯᠴᠢᠯᠠᠯ ᠵᠡᠷᠭᠡ ᠠᠵᠤ | ᠦᠢᠯᠡᠰ ᠲᠦᠷᠭᠡᠨ ᠭᠦᠭᠵᠢᠵᠦ᠂ ᠮᠤᠩᠭᠤᠯ ᠦᠨᠲᠦᠰᠦᠲᠡᠨ ᠤ ᠠᠷᠠᠳ ᠤᠨ ᠵᠠᠩ ᠦᠢᠯᠡ ᠶᠢᠨ ᠰᠤᠶᠤᠯ ᠤᠨ ᠤᠯᠠᠭ᠎ᠠ ᠦᠷᠲᠡᠭᠡ 8 ᠪᠠᠶᠢᠭᠤᠯᠤᠨ᠂ ᠮᠤᠩᠭᠤᠯ | ᠦᠨᠲᠦᠰᠦᠲᠡᠨ ᠤ ᠤᠪᠤᠭᠠᠨ ᠰᠤᠶᠤᠯ ᠤᠨ ᠮᠦᠽᠸᠢ᠂ ᠪᠤᠵᠠᠢ ᠨᠠᠭᠤᠷ ᠮᠤᠩᠭᠤᠯ ᠦᠨᠲᠦᠰᠦᠲᠡᠨ ᠤ ᠵᠠᠩ ᠦᠢᠯᠡ ᠶᠢ ᠪᠡᠶᠡᠴᠢᠯᠡᠨ ᠣᠶᠢᠯᠠᠭᠠᠬᠤ ᠤᠷᠤᠨ᠂ | ᠦᠤᠰᠢᠨ ᠬᠤᠰᠢᠭᠤᠨ ᠤ ᠲᠠᠷᠢᠶᠠᠯᠠᠩ ᠤᠨ ᠰᠤᠶᠤᠯ ᠢ ᠪᠡᠶᠡᠴᠢᠯᠡᠨ ᠣᠶᠢᠯᠠᠭᠠᠬᠤ ᠮᠦᠽᠸᠢ᠂ ᠰᠠᠰᠠ ᠶᠢᠨ ᠴᠠᠶᠢᠲᠠᠮ ᠲᠤᠰᠬᠤᠨ ᠤ ᠬᠤᠸᠠᠷ ᠴᠡᠴᠡᠭ ᠠᠯᠢᠮ᠎ᠠ | ᠵᠢᠮᠢᠰ ᠲᠡᠬᠦᠵᠦ ᠰᠡᠯᠡᠭᠦᠴᠡᠨ ᠲᠣᠭᠤᠷᠢᠬᠤ ᠭᠦᠷᠢᠶᠡᠯᠡᠩ ᠪᠠ ᠷᠠᠰᠢᠶᠠᠨ ᠲᠤᠬᠤᠢ ᠲᠤᠰᠬᠤᠨ ᠤ ᠲᠤᠲᠤᠷᠭᠠᠨ ᠲᠠᠷᠢᠶᠠᠨ ᠠᠮᠢ ᠠᠬᠤᠢ ᠶᠢᠨ ᠭᠦᠷᠢᠶᠡᠯᠡᠩ ᠵᠡᠷᠭᠡ | ᠨᠢᠭᠡ ᠪᠦᠯᠦᠭ ᠭᠦᠲᠡᠭᠡ ᠲᠤᠰᠬᠤᠨ ᠤ ᠵᠢᠭᠤᠯᠴᠢᠯᠠᠯ ᠤᠨ ᠲᠠᠭᠤᠷᠢᠶᠠᠯ ᠦᠵᠡᠭᠦᠯᠭᠦ ᠲᠦᠷᠦᠯ ᠵᠦᠢᠯ ᠢ ᠪᠠᠶᠢᠭᠤᠯᠵᠤ᠂ ᠪᠦᠭᠦ ᠪᠠᠯᠭᠠᠰᠤᠨ ᠤ ᠨᠢᠭᠡ ᠡᠲᠤᠷ ᠤᠨ | ᠵᠢᠭᠤᠯᠴᠢᠯᠠᠯ ᠤᠨ ᠵᠠᠮ ᠱᠤᠭᠤᠮ ᠢ ᠰᠡᠲᠤᠵᠤ ᠪᠠᠶᠢᠭᠤᠯᠤᠨ ᠭᠦᠷᠢᠶ᠎ᠡ ᠭᠡᠪᠴᠢᠶ᠎ᠡ ᠲᠠᠢ ᠭᠦᠲᠡᠭᠡ ᠲᠤᠰᠬᠤᠨ ᠤ ᠵᠢᠭᠤᠯᠴᠢᠯᠠᠯ ᠤᠨ ᠲᠠᠶᠢᠯᠠᠨ ᠵᠤᠴᠢᠯᠠᠬᠤ ᠡᠷᠤᠭᠡ | 36 ᠲᠡᠮᠵᠢᠵᠦ ᠭᠦᠭᠵᠢᠭᠦᠯᠦᠨ ᠭᠦᠲᠡᠭᠡ ᠲᠤᠰᠬᠤᠨ ᠤ ᠵᠢᠭᠤᠯᠴᠢᠯᠠᠯ ᠤᠨ ᠤᠷᠴᠢᠨ ᠠᠬᠤᠢ ᠡᠲᠤᠷ ᠠᠴᠠ ᠡᠲᠤᠷ ᠰᠠᠶᠢᠵᠢᠷᠠᠵᠤ᠂ ᠪᠦᠭᠦ ᠪᠠᠯᠭᠠᠰᠤᠨ ᠤ ︽ᠬᠠᠮ | ᠵᠢᠭᠤᠯᠴᠢᠯᠠᠯ︾ ᠤᠨ ᠪᠦᠲᠦᠴᠡ ᠠᠩᠬ᠎ᠠ ᠠᠯᠬᠤᠮ ᠪᠠᠶᠢᠭᠤᠯᠤᠬᠲᠠᠨ ᠡᠳ᠋ ᠪᠠᠷᠠᠭ᠎ᠠ᠂ ᠭᠦᠮᠦᠷᠭᠡᠯᠡᠨ ᠬᠤᠷᠢᠶᠠᠬᠤ᠂ ᠮᠠᠰᠢᠨ ᠲᠡᠭᠡᠭᠡᠪᠦᠷᠢ᠂ ᠲᠡᠭᠡᠭᠡᠪᠦᠷᠢ ᠶᠢᠨ | ᠦᠢᠯᠡᠴᠢᠯᠡᠭᠡ᠂ ᠡᠯᠧᠺᠲᠷᠤᠨ ᠬᠤᠲᠠᠯᠲᠤᠭᠠᠨ ᠶᠠᠪᠤᠲᠠᠯ ᠵᠡᠷᠭᠡ ᠰᠢᠨ᠎ᠡ ᠭᠡᠯᠪᠡᠷᠢ ᠶᠢᠨ ᠠᠵᠤ ᠦᠢᠯᠡᠰ ᠲᠦᠷᠭᠡᠨ ᠭᠦᠭᠵᠢᠵᠦ᠂ ᠠᠵᠤ ᠠᠬᠤᠶᠢᠯᠠᠯ ᠪᠠ ᠬᠤᠪᠢ | ᠶᠢᠨ ᠡᠵᠡᠩᠨᠡᠯᠲᠡ ᠶᠢᠨ ᠡᠷᠤᠭᠡ 9981 ᠭᠦᠷᠪᠡ᠃ ᠤᠯᠠᠨ ᠡᠰᠢᠴᠢᠯᠡᠭᠰᠡᠨ ᠭᠦᠭᠵᠢᠯᠲᠡ᠂ ᠤᠯᠠᠨ ᠲᠤᠶᠢᠯᠰᠢᠷᠠᠵᠤ ᠲᠤᠯᠭᠠᠭᠤᠷᠢᠯᠠᠬᠰᠡᠨ ᠠᠵᠤ ᠦᠢᠯᠡᠰ ᠤᠨ | ᠰᠢᠰᠲ᠋ᠧᠮ ᠶᠠᠭ ᠪᠤᠷᠢᠯᠲᠦᠵᠦ ᠪᠤᠢ᠃ ᠪᠦᠭᠦ ᠬᠤᠰᠢᠭᠤᠨ ᠤ ᠪᠠᠶᠢᠭᠠᠯᠢᠯᠢᠭ ᠢᠲᠡᠭᠡᠨ ᠢ ᠲᠦᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠪᠤᠯᠤᠨ᠎ᠠ᠃ | ᠪᠠᠶᠠᠨᠴᠠᠶᠢᠲᠠᠮ ᠲᠤᠰᠬᠤᠨ ᠤ ᠲᠦᠭᠦᠭᠡᠷᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ᠂ ᠰᠡᠪᠭᠦᠯ ᠭᠠᠴᠠᠭᠠᠨ ᠤ ᠭᠤᠯᠢᠷ ᠪᠤᠯᠪᠠᠰᠤᠷᠠᠭᠤᠯᠬᠤ ᠦᠢᠯᠡᠳᠪᠦᠷᠢ᠂ | ᠪᠠᠶᠠᠨᠴᠠᠶᠢᠲᠠᠮ ᠲᠤᠰᠬᠤᠨ ᠤ ᠨᠠᠪᠴᠢ ᠨᠤᠭᠤᠭ᠎ᠠ ᠪᠤᠯᠪᠠᠰᠤᠷᠠᠭᠤᠯᠬᠤ ᠦᠢᠯᠡᠳᠪᠦᠷᠢ᠂ ᠬᠤᠨᠢᠨ ᠮᠢᠬ᠎ᠠ ᠪᠤᠯᠭᠤᠬᠰᠡᠨ ᠢᠲᠡᠭᠡᠨ ᠪᠤᠯᠪᠠᠰᠤᠷᠠᠭᠤᠯᠬᠤ ᠦᠢᠯᠡᠳᠪᠦᠷᠢ | ᠵᠡᠷᠭᠡ ᠨᠢᠭᠡ ᠪᠦᠯᠦᠭ ᠲᠠᠭᠤᠷᠢᠶᠠᠯ ᠦᠵᠡᠭᠦᠯᠭᠦ ᠲᠦᠷᠦᠯ ᠵᠦᠢᠯ ᠢ ᠪᠠᠶᠢᠭᠤᠯᠤᠨ ᠹᠦ᠋ ᠷᠦᠢ ᠳ᠋ᠠ᠂ ᠡᠤ ᠶᠤᠸᠠᠨ ᠮᠢᠬᠠᠨ ᠢᠲᠡᠭᠡᠨ ᠵᠡᠷᠭᠡ ᠮᠢᠬᠠᠨ ᠲᠦᠷᠦᠯ ᠢ | ᠨᠠᠷᠢᠯᠢᠭ ᠪᠤᠯᠪᠠᠰᠤᠷᠠᠭᠤᠯᠬᠤ ᠦᠢᠯᠡᠳᠪᠦᠷᠢ ᠶᠢᠨ ᠲᠦᠷᠦᠯ ᠵᠦᠢᠯ ᠠᠰᠢᠭᠯᠠᠯᠲᠠ ᠳᠤ ᠤᠷᠤᠬᠤ ᠨᠦᠭᠦᠴᠡᠯ ᠳᠤ ᠭᠦᠷᠴᠦ᠂ ︽ᠬᠤᠨ ᠭᠠᠯᠠᠭᠤ︾ ᠮᠠᠯ ᠲᠠᠷᠢᠶ᠋ᠯᠠᠩ | ᠤᠨ ᠪᠦᠲᠦᠭᠡᠭᠲᠡᠭᠦᠨ ᠢ ᠪᠡᠶᠡᠴᠢᠯᠡᠨ ᠣᠶᠢᠯᠠᠭᠠᠬᠤ ᠲᠡᠯᠭᠡᠭᠦᠷ ᠢ ᠪᠠᠶᠢᠭᠤᠯᠵᠤ ᠠᠰᠢᠬᠯᠠᠯᠲᠠ ᠳᠤ ᠤᠷᠤᠭᠤᠯᠤᠨ 52 ᠵᠦᠢᠯ ᠤᠨ ᠴᠢᠨᠠᠷ ᠰᠠᠶᠢᠲᠠᠢ ᠮᠠᠯ ᠲᠠᠷᠢᠶᠠᠯᠠᠩ | ᠤᠨ ᠪᠦᠲᠦᠭᠡᠭᠲᠡᠭᠦᠨ ᠢ ᠲᠡᠯᠭᠡᠭᠦᠷ ᠲᠤ ᠲᠠᠯᠪᠢᠨ ᠪᠤᠷᠤᠯᠠᠭᠤᠯᠵᠤ ᠪᠠᠶᠢᠨ᠎ᠠ᠃ |