ᠰᠦᠯᠳᠡ ᠰᠣᠮᠤ
ᠨᠡᠶᠢᠲᠡᠯᠡᠭᠰᠡᠨ ᠴᠠᠭ᠄
2020/6/24
      ᠰᠦᠯᠳᠡ ᠰᠤᠮᠤ ᠨᠢ ᠮᠠᠯ ᠠᠵᠤ ᠠᠬᠤᠢ ᠪᠠᠷ ᠭᠤᠣᠯ ᠪᠣᠯᠭᠠᠭᠰᠠᠨ ᠥᠪᠡᠷᠮᠢᠴᠡ ᠣᠨᠴᠠᠯᠢᠭ ᠲᠠᠢ ᠮᠠᠯᠵᠢᠬᠤ ᠰᠤᠮᠤ ᠪᠠᠶᠢᠵᠤ ᠦᠤᠰᠢᠨ ᠬᠤᠰᠢᠭᠤᠨ ᠤ ᠪᠠᠷᠠᠭᠤᠨ ᠡᠮᠤᠨ᠎ᠡ ᠪᠡᠶ᠎ᠡ ᠳᠤ ᠪᠠᠶᠢᠷᠢᠯᠠᠨ ᠵᠡᠬᠦᠨ ᠳᠠᠯ᠎ᠠ ᠪᠠᠷ ᠢᠶᠠᠨ ᠭᠠᠯᠠᠭᠤᠳᠣ ᠪᠠᠯᠭᠠᠰᠣ ᠲᠠᠢ ᠵᠠᠯᠭᠠᠯᠳᠣᠵᠣ ᠡᠮᠣᠨ᠎ᠠ ᠳᠠᠯ᠎ᠠ ᠪᠠᠷ ᠢᠶᠠᠨ ᠰᠢᠷᠬᠤᠰᠣᠨ ᠪᠠᠯᠭᠠᠰᠣ  ᠲᠠᠢ ᠬᠦᠷᠰᠢᠯᠡᠨ ᠪᠠᠷᠠᠭᠤᠨ ᠳᠠᠯ᠎ᠠ ᠪᠠᠷ ᠢᠶᠠᠨ ᠣᠳᠤᠭ ᠤᠨ ᠡᠮᠣᠨᠠᠳᠣ ᠬᠤᠰᠢᠭᠤ ᠲᠠᠢ ᠰᠠᠪᠠ ᠨᠠᠶᠢᠯᠡᠵᠣ ᠬᠤᠶᠢᠳᠣ ᠳᠠᠯ᠎ᠠ ᠪᠠᠷ ᠢᠶᠠᠨ ᠣᠳᠤᠭ ᠬᠤᠰᠢᠭᠤ ᠲᠠᠢ ᠬᠦᠷᠰᠢᠯᠡᠵᠣ ᠪᠠᠶᠢᠨ᠎ᠠ᠃ 2005 ᠤᠨ ᠤ ᠨᠠᠮᠤᠷ ᠤᠤᠯ ᠤᠨ ᠲᠤᠯᠢ ᠪᠠᠯᠭᠠᠰᠤ᠂ ᠱᠠᠷᠯᠢᠭ ᠪᠠᠯᠭᠠᠰᠤ ᠶᠢ ᠨᠡᠶᠢᠯᠡᠭᠦᠯᠦᠭᠡᠳ ᠤᠳᠤ ᠶᠢᠨ ᠰᠦᠯᠳᠡ ᠰᠤᠮᠤ ᠭᠡᠵᠤ ᠨᠡᠷᠡᠯᠡᠭᠰᠡᠨ ᠶᠤᠮ᠃ ᠨᠤᠳᠤᠭ ᠳᠡᠪᠢᠰᠭᠡᠷ ᠤᠨ ᠶᠡᠷᠤᠩᠬᠡᠢ ᠲᠠᠯᠠᠪᠡᠢ ᠨᠢ 3150 ᠳᠡᠭᠰᠢ ᠲᠦᠷᠪᠠᠯᠵᠢᠨ ᠺᠢᠯᠣᠮᠧᠲᠷ ᠪᠠᠶᠢᠵᠤ᠂ ᠪᠦᠬᠦ ᠬᠤᠰᠢᠭᠤᠨ ᠤ ᠨᠤᠳᠤᠭ ᠲᠡᠪᠢᠰᠭᠡᠷ ᠤᠨ ᠲᠠᠯᠠᠪᠡᠢ ᠶᠢᠨ 27 % ᠶᠢ ᠡᠵᠡᠯᠡᠨ 12247 ᠬᠦᠮᠤᠨ ᠠᠮᠠ ᠲᠠᠢ ᠪᠠᠶᠢᠵᠤ᠂ ᠡᠭᠦᠨ ᠳᠤ ᠮᠤᠩᠭᠤᠯ ᠦᠨᠳᠤᠰᠤᠳᠡᠨ ᠤ ᠬᠦᠮᠤᠨ ᠠᠮᠠ ᠨᠢ 8365 ᠪᠠᠶᠢᠵᠤ ᠰᠦᠯᠳᠡ ᠰᠤᠮᠤ ᠨᠢ 11 ᠭᠠᠴᠠᠭ᠎ᠠ ᠲᠤᠰᠬᠤᠨ᠂ 54 ᠮᠠᠯᠵᠢᠯ ᠲᠠᠷᠢᠶᠠᠯᠠᠯ ᠤᠨ ᠬᠤᠷᠰᠢᠶ᠎ᠠ ᠪᠠᠷ ᠪᠦᠷᠢᠯᠳᠦᠭᠰᠡᠨ ᠪᠠᠶᠢᠳᠠᠭ᠃ ᠳᠣᠰ ᠰᠣᠮᠣᠨ  ᠳᠤ ᠪᠠᠶᠢᠭᠠᠯᠢ ᠶᠢᠨ ᠰᠢᠳᠠᠮᠠᠬᠠᠢ ᠬᠡᠢ᠂ ᠨᠡᠬᠦᠷᠠᠰᠣ᠂ ᠴᠢᠯᠠᠭᠤᠨ ᠳᠣᠰᠣ᠂ ᠬᠦᠷᠢᠨ ᠸᠠᠭᠠᠷ ᠤᠨ ᠨᠠᠩᠬᠢ᠂ ᠬᠦᠪᠰᠣᠬᠡᠷ ᠰᠢᠷᠦᠢ᠂ ᠴᠠᠭᠠᠨ ᠴᠣᠬᠤᠢ᠂ ᠬᠠᠶᠢᠷᠬᠠᠭ ᠵᠡᠷᠬᠡ ᠡᠬᠢ ᠪᠠᠶᠠᠯᠢᠭ ᠤᠨ ᠬᠠᠳᠠᠭᠠᠯᠠᠭᠳᠠᠴᠠ ᠲᠠᠢ ᠪᠠᠶᠢᠳᠠᠭ᠃ ᠪᠠᠷᠢᠮᠵᠢᠶᠠᠳᠣ ᠨᠣᠳᠤᠭ ᠪᠡᠯᠴᠢᠬᠡᠷ 220 ᠲᠦᠮᠡᠨ ᠮᠣ᠋᠂ ᠣᠶᠢᠳᠣ ᠭᠠᠵᠠᠷ 230 ᠲᠦᠮᠡᠨ ᠮᠣ᠋ ᠂ ᠣᠰᠣᠨ ᠭᠠᠵᠠᠷ 18 ᠲᠦᠮᠡᠨ ᠮᠣ᠋ ᠪᠠᠶᠢᠨ᠎ᠠ᠃     ᠰᠦᠯᠳᠡ ᠰᠣᠮᠣ ᠪᠣᠯ ︽ᠭᠤᠷᠪᠠ ᠶᠢ ᠬᠦᠳᠡᠭᠡ ᠪᠠᠭᠤᠯᠭᠠᠬᠤ︾ ᠰᠣᠶᠣᠯ ᠤᠨ ᠣᠯᠠᠮᠵᠢᠯᠠᠨ ᠵᠠᠯᠭᠠᠮᠵᠢᠯᠠᠬᠤ ᠭᠠᠵᠠᠷ ᠤᠨ ᠨᠢᠬᠡ  ᠪᠠᠶᠢᠵᠣ᠂ ᠮᠦᠨ ᠴᠤ ᠦᠪᠡᠷᠳᠡᠭᠡᠨ ᠵᠠᠰᠠᠬᠤ ᠤᠷᠤᠨ ᠤ ᠠᠩᠬᠠᠨ ᠤ ᠪᠦᠯᠦᠭ ᠬᠤᠪᠢᠰᠬᠠᠯ ᠤᠨ ᠰᠠᠭᠤᠷᠢᠨ ᠭᠠᠵᠠᠷ ᠤᠨ ᠨᠢᠭᠡ ᠪᠤᠯᠬᠤ ᠶᠤᠮ᠃ ᠣᠯᠠᠨ ᠵᠢᠯ ᠤᠨ ᠬᠦᠭᠵᠢᠯᠳᠡ ᠪᠠᠷ ᠳᠠᠮᠵᠢᠭᠠᠳ ᠴᠠᠭᠠᠨ ᠰᠦᠯᠳᠡ ᠶᠢᠨ ᠳᠠᠬᠢᠯᠭ᠎ᠠ᠂ ᠨᠡᠬᠦᠳᠠᠯ ᠰᠣᠶᠣᠯ ᠠᠮᠢ ᠠᠬᠤᠢ᠂ ᠣᠪᠣᠭᠠᠨ ᠰᠣᠶᠣᠯ᠂ ᠱᠠᠰᠢᠨ ᠰᠣᠷᠳᠠᠬᠤᠨ᠂ ᠬᠤᠪᠢᠰᠬᠠᠯ ᠤᠨ ᠰᠣᠶᠣᠯ᠂ ᠪᠠᠶᠢᠭᠠᠯᠢ ᠶᠢᠨ ᠦᠵᠡᠮᠵᠢ᠂ ᠣᠳᠣ ᠦᠶ᠎ᠡ ᠶᠢᠨ ᠮᠠᠯ ᠳᠠᠷᠢᠶᠠᠯᠠᠩ ᠠᠵᠣ ᠠᠬᠤᠢ ᠶᠢᠨ ᠪᠠᠶᠠᠴᠢᠯᠡᠨ ᠣᠶᠢᠯᠠᠭᠠᠬᠤ ᠣᠶᠢᠯᠡᠰ ᠪᠠᠷ ᠭᠤᠣᠯ ᠪᠣᠯᠭᠠᠭᠰᠠᠨ ᠰᠣᠳᠣᠨ ᠵᠢᠭᠤᠯᠴᠢᠯᠡᠯ ᠤᠨ ᠠᠵᠣ ᠣᠶᠢᠯᠡᠰ ᠢ ᠠᠩᠬ᠎ᠠ ᠠᠯᠬᠤᠮ ᠪᠦᠷᠢᠯᠳᠦᠬᠦᠯᠪᠠ᠃
ᠢᠷᠡᠯᠲᠡ᠄ ᠰᠦᠯᠳᠡ ᠰᠤᠮᠤᠨ ᠤ ᠠᠷᠠᠳ ᠤᠨ ᠵᠠᠰᠠᠭ ᠤᠨ ᠣᠷᠳᠣᠨ