ᠤᠯᠠᠭᠠᠨᠳᠤᠯᠤᠭᠠᠢ ᠪᠠᠯᠭᠠᠰᠤ
ᠨᠡᠶᠢᠲᠡᠯᠡᠭᠰᠡᠨ ᠴᠠᠭ᠄
2020/6/24
   ᠤᠯᠠᠭᠠᠨᠳᠤᠯᠤᠭᠠᠢ ᠪᠠᠯᠭᠠᠰᠤ ᠨᠢ ᠦᠤᠰᠢᠨ ᠬᠤᠰᠢᠭᠤᠨ ᠤ ᠲᠤᠮᠳᠠ ᠵᠡᠭᠦᠨ ᠪᠡᠶ᠎ᠡ ᠳᠤ ᠮᠣᠣᠠᠣᠰᠣ ᠡᠯᠡᠰᠣᠨ ᠴᠦᠯ ᠦᠷᠦᠴᠡᠨ ᠳᠤ ᠪᠠᠶᠢᠷᠢᠯᠠᠵᠣ ᠡᠮᠤᠨ᠎ᠡ  ᠪᠠᠨ ᠱᠠᠨᠰᠢ ᠮᠤᠵᠢ ᠶᠢᠨ ᠲᠡᠮᠡᠭᠡᠳᠤ ᠬᠤᠳᠠ ᠲᠠᠢ ᠰᠠᠪᠠ ᠨᠡᠶᠢᠯᠡᠨ ᠪᠠᠷᠠᠭᠤᠨ ᠢᠶᠠᠨ ᠭᠠᠯᠠᠭᠤᠳᠤ ᠪᠠᠯᠭᠠᠰᠤ ᠲᠠᠢ ᠬᠦᠷᠰᠢᠯᠡᠵᠦ ᠵᠡᠭᠦᠨ ᠢᠶᠠᠨ ᠲᠤᠭ ᠪᠠᠯᠭᠠᠰᠤ ᠲᠠᠢ ᠵᠠᠯᠭᠠᠯᠳᠤᠨ ᠬᠤᠰᠢᠭᠤᠨ ᠤ ᠲᠦᠪ ᠠᠴᠠ 30 ᠺᠢᠯᠤᠮᠧᠲᠷ ᠵᠠᠶᠢᠲᠠᠢ᠂ ᠤᠷᠤᠨ ᠪᠠᠶᠢᠷᠢ ᠲᠠᠪᠠᠭᠤᠯᠢᠭ ᠵᠠᠮ ᠬᠠᠷᠢᠯᠴᠠᠭ᠎ᠠ ᠲᠦᠭᠦᠮ ᠲᠦᠳᠡ ᠪᠠᠶᠢᠵᠤ᠂ ᠯᠠᠨ ᠵᠢᠶᠠ ᠯᠢᠶᠠᠩ ᠠᠴᠠ ᠭᠠᠯᠠᠭᠤᠳᠤ ᠬᠦᠷᠬᠦ ᠨᠢᠭᠡᠳᠤᠭᠡᠷ ᠳᠡᠰ ᠤᠨ ᠵᠠᠰᠠᠮᠠᠯ ᠵᠠᠮ᠂ ᠲᠡᠮᠡᠭᠡᠳᠤ ᠠᠴᠠ ᠦᠤᠰᠢᠨ ᠬᠦᠷᠬᠦ ᠵᠠᠰᠠᠮᠠᠯ ᠵᠠᠮ᠂ ᠰᠢᠨ᠎ᠡ ᠵᠡᠭᠡᠯᠢ ᠠᠴᠠ ᠲᠤᠯᠢ ᠬᠦᠷᠬᠦ ᠲᠡᠮᠦᠷ ᠵᠠᠮ᠂ ᠦᠪᠦᠷ ᠮᠣᠩᠭᠤᠯ ᠤᠨ ᠪᠠᠷᠠᠭᠤᠨ ᠬᠡᠰᠡᠭ ᠣᠷᠣᠨ ᠠᠴᠠ ᠲᠣᠮᠳᠠᠳᠤ ᠣᠷᠣᠨ ᠬᠦᠷᠬᠦ ᠲᠡᠮᠦᠷ ᠵᠠᠮ ᠨᠢ ᠪᠠᠯᠭᠠᠰᠤᠨ ᠤ ᠳᠤᠮᠳᠠᠭᠤᠷ ᠨᠡᠪᠳᠡᠷᠡᠨ ᠦᠩᠭᠡᠷᠡᠳᠡᠭ᠃ ᠪᠠᠯᠭᠠᠰᠤᠨ ᠤ ᠨᠤᠳᠤᠭ ᠳᠡᠪᠢᠰᠭᠡᠷ ᠤᠨ ᠶᠡᠷᠦᠩᠬᠡᠢ ᠲᠠᠯᠠᠪᠠᠢ ᠨᠢ 1389 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ 8 ᠭᠠᠴᠠᠭ᠎ᠠ ᠳᠤᠰᠬᠤᠨ ︵ᠨᠡᠶᠢᠬᠡᠮ ᠲᠤᠭᠤᠷᠢᠭ︶ 36 ᠮᠠᠯᠵᠢᠯ ᠲᠠᠷᠢᠶᠠᠯᠠᠯ ᠤᠨ ᠬᠤᠷᠰᠢᠶ᠎ᠠ ᠲᠠᠢ ᠨᠡᠶᠢᠳᠡ 3476 ᠡᠷᠦᠬᠡ 8848 ᠬᠦᠮᠦᠨ ᠠᠮᠠ ᠲᠠᠢ ᠪᠠᠶᠢᠳᠠᠭ᠂ ᠡᠬᠦᠨ ᠳᠤ ᠴᠦᠬᠡᠨ ᠲᠤᠭᠠᠳᠤ ᠦᠨᠳᠤᠰᠤᠳᠡᠨ ᠤ ᠬᠦᠮᠦᠨ ᠠᠮᠠ 3158 ᠶᠢ ᠡᠵᠡᠯᠡᠳᠡᠭ᠃ ᠪᠠᠯᠭᠠᠰᠣᠨ ᠨᠠᠮ ᠤᠨ ᠬᠤᠷᠢᠶᠠᠨ ᠳᠤ 2 ᠨᠠᠮ ᠤᠨ ᠶᠡᠷᠦᠩᠬᠡᠢ ᠡᠬᠦᠷ᠂ 11 ᠨᠠᠮ ᠤᠨ ᠡᠬᠦᠷ ᠬᠠᠷᠢᠶᠠᠯᠠᠭᠳᠠᠵᠣ ᠡᠬᠦᠨ ᠳᠤ ᠠᠯᠪᠠᠨ ᠪᠠᠶᠢᠭᠤᠯᠭ᠎ᠠ ᠶᠢᠨ ᠨᠠᠮ ᠤᠨ ᠡᠬᠦᠷ 1᠂ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶  ᠤ ᠨᠠᠮ ᠤᠨ ᠡᠬᠦᠷ 10 ᠪᠠᠶᠢᠵᠣ ᠨᠠᠶᠢᠳᠠ 375 ᠨᠠᠮ ᠤᠨ ᠬᠡᠰᠢᠬᠦᠨ ᠲᠠᠢ᠃ ᠣᠳᠣ ᠪᠠᠶᠢᠭ᠎ᠠ ᠳᠠᠷᠢᠶᠠᠨ ᠭᠠᠵᠠᠷ ᠤᠨ ᠳᠠᠯᠠᠪᠠᠢ 9 ᠲᠦᠮᠡᠨ ᠮᠣ᠋ ᠪᠠᠶᠢᠵᠣ ᠳᠡᠵᠢᠬᠡᠵᠣ ᠪᠠᠶᠢᠭ᠎ᠠ ᠮᠠᠯ ᠤᠨ ᠶᠡᠷᠦᠩᠬᠡᠢ ᠳᠤᠭ᠎ᠠ 22 ᠲᠦᠮᠡ ᠪᠠᠶᠢᠨ᠎ᠠ᠃ ᠤᠯᠠᠭᠠᠨᠳᠤᠯᠤᠭᠠᠢ ᠪᠠᠯᠭᠠᠰᠤ ᠨᠢ ᠪᠠᠶᠢᠭᠠᠯᠢ ᠶᠢᠨ ᠰᠢᠳᠠᠮᠠᠬᠠᠢ ᠬᠡᠢ᠂ ᠨᠡᠭᠦᠷᠡᠰᠤ᠂ ᠠᠨᠠᠯᠼᠢᠮ ᠴᠢᠯᠠᠭᠤ᠂ ᠷᠠᠰᠢᠶᠠᠨ ᠣᠰᠤ ᠵᠡᠷᠭᠡ ᠲᠡᠮᠦᠷᠯᠢᠭ ᠪᠤᠰᠤ ᠠᠭᠤᠷᠬᠠᠢ ᠶᠢᠨ ᠡᠭᠢ ᠪᠠᠶᠠᠯᠢᠭ ᠡᠯᠪᠡᠭ ᠪᠤᠢ᠃ ᠪᠠᠶᠢᠭᠠᠯᠢ ᠶᠢᠨ ᠰᠢᠳᠠᠮᠠᠬᠠᠢ ᠬᠡᠢ ᠶᠢᠨ ᠬᠠᠶᠢᠨ ᠲᠤᠳᠤᠯᠠᠭᠰᠠᠨ ᠬᠠᠳᠠᠭᠠᠯᠠᠭᠳᠠᠴᠠ 1 ᠲᠦᠮᠡ ᠢᠯᠡᠭᠦᠦ ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠲᠤ ᠬᠦᠷᠴᠦ᠂ ᠲᠡᠯᠡᠬᠡᠢ ᠶᠢᠨ ᠳᠡᠰ ᠤᠨ ᠪᠦᠷᠢᠨ ᠲᠣᠨᠤᠭᠯᠠᠯ ᠤᠨ ᠲᠤᠮᠤ ᠬᠡᠢ ᠶᠢᠨ ᠠᠭᠤᠷᠬᠠᠢ — ᠰᠤᠪᠤᠷᠭ᠎ᠠ ᠬᠡᠢ ᠶᠢᠨ ᠠᠭᠤᠷᠬᠠᠢ ᠶᠢᠨ ᠭᠤᠤᠯ ᠦᠢᠯᠡᠳᠪᠤᠷᠢᠯᠡᠬᠦ ᠣᠷᠣᠨ ᠪᠤᠯᠤᠨ᠎ᠠ᠃ ᠨᠡᠭᠡᠭᠡᠯᠲᠡ ᠬᠢᠵᠦ ᠪᠣᠯᠬᠤ ᠬᠠᠳᠠᠭᠠᠯᠠᠭᠳᠠᠴᠠ ᠨᠢ 2 ᠳ᠋ᠦᠩᠰᠢᠭᠤᠷ ᠲᠤᠠ ᠳᠤ ᠬᠦᠷᠬᠦ ᠣᠨᠴᠠ ᠶᠡᠭᠡ ᠬᠡᠯᠪᠡᠷᠢ ᠶᠢᠨ ᠠᠨᠠᠯᠼᠢᠮ ᠴᠢᠯᠠᠭᠤᠨ ᠠᠭᠤᠷᠬᠠᠢ ᠨᠢ ᠲᠡᠯᠡᠬᠡᠢ ᠳᠤ ᠴᠦ ᠬᠤᠪᠤᠷ ᠪᠠᠶᠢᠵᠤ᠂ ᠴᠢᠨᠠᠷ ᠰᠠᠶᠢᠨᠲᠠᠢ ᠨᠡᠭᠦᠷᠡᠰᠤᠨ ᠤ ᠬᠠᠳᠠᠭᠠᠯᠠᠭᠳᠠᠴᠠ ᠶᠢᠨ ᠬᠡᠮᠵᠢᠶ᠎ᠡ 1000 ᠳ᠋ᠦᠩᠰᠢᠭᠤᠷ  ᠳᠣᠨ ᠪᠤᠢ᠃ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠪᠤᠯᠤᠨ ᠤᠢ ᠰᠢᠭᠤᠢ ᠡᠪᠡᠰᠤᠨ ᠤ ᠡᠬᠢ ᠪᠠᠶᠠᠯᠢᠭ ᠢᠶᠠᠷ ᠡᠯᠪᠡᠭ ᠳᠡᠯᠪᠡᠭ ᠪᠠᠶᠢᠵᠤ᠂ ᠦᠪᠡᠷᠳᠡᠭᠡᠨ ᠵᠠᠰᠠᠬᠤ ᠤᠷᠤᠨ ᠤ ᠨᠡᠷᠡᠳᠤ ᠲᠠᠸᠠᠷ ᠤᠨ ᠲᠡᠮᠳᠡᠭ ︽ᠬᠤᠸᠠᠩ ᠰᠢᠶᠠᠩ︾ ᠲᠡᠮᠳᠡᠭᠳᠤ ᠭᠠᠭ᠋ᠠᠢ ᠶᠢᠨ ᠲᠡᠵᠢᠭᠡᠪᠦᠷᠢ ᠶᠢᠨ ᠡᠬᠦᠰᠦᠯ ᠤᠨ ᠭᠠᠵᠠᠷ ᠪᠠ ᠭᠤᠣᠯᠳᠠᠯᠭᠠᠲᠤ ᠤᠷᠤᠨ ᠪᠣᠯᠬᠤ ᠮᠦᠷᠲᠡᠭᠡᠨ ᠤᠷᠳᠤᠰ ᠨᠠᠷᠢᠨ ᠨᠤᠤᠰᠤᠳᠤ ᠬᠤᠨᠢ ᠶᠢ ᠮᠠᠯᠵᠢᠬᠤ ᠲᠠᠪᠠᠭᠤᠯᠢᠭ ᠬᠦᠴᠦᠨ ᠨᠦᠬᠦᠴᠡᠯ ᠲᠦᠪᠯᠡᠷᠡᠭᠰᠡᠨ ᠤᠷᠤᠨ ᠪᠤᠯᠤᠨ᠎ᠠ᠃ ᠣᠯᠣᠰ ᠤᠨ ᠳᠠᠷᠢᠶᠠᠯᠠᠩ ᠤᠨ ᠣᠶᠢᠯᠡᠰ ᠤᠨ ᠬᠦᠴᠦᠷᠬᠡᠭ ᠪᠠᠯᠭᠠᠰᠣ᠂ ᠪᠦᠬᠦ ᠣᠯᠣᠰ ᠤᠨ ︽ᠨᠢᠬᠡ ᠭᠠᠴᠠᠭ᠎ᠠ ᠳᠣᠰᠬᠤᠨ ᠨᠢᠬᠡ ᠨᠠᠷᠠᠳᠣ ᠳᠡᠮᠳᠡᠭᠳᠣ ᠲᠠᠢ ᠪᠠᠶᠢᠬᠤ︾ ᠵᠢᠱᠢᠶᠠᠴᠢ ᠪᠠᠯᠭᠠᠰᠣ᠂ ᠳᠣᠮᠳᠠᠳᠣ ᠣᠯᠣᠰ ᠤᠨ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠵᠢᠱᠢᠶᠠᠴᠢ ᠪᠠᠯᠭᠠᠰᠣ᠂ ᠦᠪᠡᠷᠳᠡᠬᠡᠨ ᠵᠠᠰᠠᠬᠤ ᠣᠷᠣᠨ ᠤ ᠪᠣᠯᠪᠠᠰᠣᠨ ᠰᠢᠶᠠᠩ ᠪᠠᠯᠭᠠᠰᠣ᠂ ᠦᠪᠡᠷᠳᠡᠬᠡᠨ ᠵᠠᠰᠬᠠᠣ ᠣᠷᠣᠨ ᠤ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠰᠢᠨᠵᠢᠯᠡᠬᠦ ᠮᠡᠷᠬᠡᠵᠢᠯ ᠤᠨ ᠳᠣᠯᠭᠠᠭᠤᠷᠢᠯᠠᠬᠤ ᠠᠵᠢᠯᠯᠠᠭᠠᠨ — — ᠰᠢᠨᠵᠢᠯᠡᠬᠦ ᠣᠬᠠᠭᠠᠨ ᠮᠡᠷᠬᠡᠵᠢᠯ ᠢᠶᠠᠷ ᠣᠳᠣᠷᠢᠳᠣᠭᠤᠯᠣᠭᠰᠠᠨ ᠵᠢᠱᠢᠶᠠᠴᠢ ᠰᠠᠭᠤᠷᠢᠨ ᠭᠠᠵᠠᠷ ᠵᠡᠷᠬᠡ ᠢᠷᠡᠭᠤ ᠠᠯᠳᠠᠷ ᠢ ᠣᠷᠢᠳ ᠬᠤᠵᠢᠳ ᠬᠦᠷᠳᠡᠪᠠ᠃  
ᠢᠷᠡᠯᠲᠡ᠄ ᠤᠯᠠᠭᠠᠨᠳᠤᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ