ᠰᠢᠷᠬᠤᠰᠤᠨ ᠪᠠᠯᠭᠠᠰᠤ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠮᠤᠭ ᠤᠨ ᠡᠮᠦᠨ᠎ᠡ ᠪᠡᠶ᠎ᠡ ᠳᠤ ᠪᠠᠶᠢᠷᠢᠯᠠᠵᠤ᠂ ᠦᠪᠦᠷ ᠮᠤᠩᠭᠤᠯ | ᠱᠠᠨᠰᠢ ᠨᠢᠩᠰᠢᠶᠠ ᠶᠢᠨ ᠠᠵᠤ ᠠᠬᠤᠢ ᠶᠢᠨ ᠬᠦᠭᠵᠢᠯᠳᠡ ᠶᠢᠨ ᠭᠤᠷᠪᠠᠯᠵᠢᠨ ᠪᠦᠰᠡ ᠶᠢᠨ ᠲᠦᠪ ᠲᠤ ᠪᠠᠶᠢᠷᠢᠰᠢᠨ ᠵᠡᠭᠦᠨ ᠡᠮᠦᠨᠡᠭᠦᠷ ᠢᠶᠠᠨ ᠱᠠᠨᠰᠢ ᠮᠤᠵᠢ ᠶᠢᠨ | ᠾᠧᠩ ᠱᠠᠨ ᠰᠢᠶᠠᠨ ᠪᠤᠯᠤᠨ ᠵᠢᠩᠪᠢᠶᠠᠨ ᠰᠢᠶᠠᠨ ᠲᠠᠢ ᠬᠦᠷᠰᠢᠯᠡᠵᠦ ᠪᠠᠶᠢᠭ᠎ᠠ ᠶᠣᠮ᠃ ᠪᠠᠷᠠᠭᠤᠨ ᠬᠤᠶᠢᠭᠤᠷ ᠢᠶᠠᠨ ᠰᠦᠯᠳᠡ ᠰᠤᠮᠦ ᠲᠠᠢ ᠵᠠᠭᠠᠭᠯᠠᠳᠠᠭ᠃ | 2005 ᠤᠨ ᠤ 10 ᠰᠠᠷ᠎ᠠ ᠳᠤ ᠤᠤᠯ ᠤᠨ ᠨᠠᠷᠢᠡᠭᠤᠤᠯ ᠪᠠᠯᠭᠠᠰᠤ ᠪᠤᠯᠤᠨ ᠤᠷᠳᠤᠪᠡᠶ᠎ᠡ ᠰᠢᠶᠠᠩ ᠢ ᠨᠡᠶᠢᠯᠡᠬᠦᠯᠵᠦ ᠰᠢᠷᠬᠤᠰᠤᠨ ᠪᠠᠯᠭᠠᠰᠤ ᠶᠢ ᠪᠠᠶᠢᠭᠤᠯᠪᠠ᠃ | ᠬᠠᠲᠤᠨ ᠭᠤᠤᠯ ᠤᠨ ᠨᠢᠬᠡᠳᠤᠬᠡᠷ ᠳᠡᠰ ᠤᠨ ᠰᠠᠯᠪᠤᠷᠢ ᠤᠷᠤᠰᠬᠠᠯ ᠪᠤᠯᠬᠤ ᠤᠳᠠ ᠶᠢᠨ ᠭᠤᠣᠯ ︵ᠰᠢᠷᠬᠤᠰᠤᠨ ᠭᠤᠤᠯ︶ ᠡᠨᠡᠬᠦᠷ ᠬᠦᠨᠳᠡᠯᠡᠨ ᠤᠷᠤᠰᠤᠨ | ᠦᠩᠭᠡᠷᠴᠣ ᠪᠠᠶᠢᠳᠠᠭ ᠠᠴᠠ ᠰᠢᠷᠬᠤᠰᠤᠨ ᠪᠠᠯᠭᠠᠰᠤ ᠬᠡᠮᠡᠨ ᠨᠡᠷᠡᠶᠢᠳᠴᠦ᠂ ᠤᠭ ᠠᠴᠠ ᠪᠠᠨ ︽ᠪᠤᠭᠤᠮᠲᠠ ᠶᠢᠨ ᠭᠠᠳᠠᠨᠠᠬᠢ ᠵᠢᠶᠠᠩᠨᠠᠨ︾ ᠬᠡᠮᠡᠬᠦ ᠰᠠᠶᠢᠬᠠᠨ | ᠴᠤᠯᠠ ᠲᠠᠢ ᠪᠢᠯᠡ᠃ ᠪᠦᠬᠦ ᠪᠠᠯᠭᠠᠰᠤ ᠶᠢᠨ ᠶᠡᠷᠤᠩᠬᠡᠢ ᠲᠠᠯᠠᠪᠠᠢ ᠨᠢ 1353.4 ᠳᠡᠭᠰᠢ ᠲᠦᠷᠪᠡᠯᠵᠢᠨ ᠺᠢᠯᠤᠮᠧᠲᠷ᠂ ᠬᠠᠷᠢᠶᠠᠨ ᠳᠤᠨᠢ 14 ᠵᠠᠰᠠᠭ | ᠵᠠᠬᠢᠷᠭᠠᠨ ᠤ ᠲᠤᠰᠬᠤᠨ᠂ 1 ᠨᠡᠶᠢᠬᠡᠮ ᠲᠤᠭᠤᠷᠢᠭ᠂ 142 ᠲᠠᠷᠢᠶᠠᠯᠠᠯ ᠮᠠᠯᠵᠢᠯ ᠤᠨ ᠬᠤᠷᠰᠢᠶ᠎ᠠ ᠲᠠᠢ᠂ ᠶᠡᠷᠦᠩᠬᠡᠢ ᠬᠦᠮᠦᠨ ᠠᠮᠠ ᠨᠢ 13228 ᠡᠷᠦᠬᠡ | 36542 ᠬᠦᠮᠦᠨ ᠲᠠᠢ᠂ ᠪᠠᠶᠢᠩᠭᠤ ᠰᠠᠭᠤᠭ᠎ᠠ ᠬᠦᠮᠦᠨ ᠠᠮᠠ ᠨᠢ 7461 ᠡᠷᠦᠬᠡ 20460 ᠬᠦᠮᠦᠨ ᠪᠤᠢ᠃ 2019 ᠤᠨ ᠤ ᠮᠠᠯᠴᠢᠨ ᠳᠠᠷᠢᠶᠠᠴᠢᠳ | ᠤᠨ ᠬᠦᠮᠦᠨ ᠳᠤᠮᠳᠠᠴᠢ ᠶᠢᠨ ᠴᠡᠪᠡᠷ ᠤᠷᠤᠯᠭ᠎ᠠ 19815 ᠲᠦᠭᠦᠷᠢᠭ ᠲᠤ ᠭᠦᠷᠴᠠᠢ᠃ ︽ᠦᠪᠡᠷᠳᠡᠬᠡᠨ ᠵᠠᠰᠠᠬᠤ ᠣᠷᠣᠨ ᠤ ᠠᠩᠬᠠᠳᠠᠭᠴᠢ ᠪᠣᠦᠯᠥᠭ | ᠦᠵᠡᠮᠵᠢ ᠶᠢᠨ ᠵᠢᠭᠤᠯᠴᠢᠯᠡᠯ ᠤᠨ ᠨᠠᠷᠠᠳᠣ ᠪᠠᠯᠭᠠᠰᠣ︾ ︽ᠪᠦᠬᠦ ᠣᠯᠣᠰ ᠤᠨ ᠭᠤᠷᠪᠠᠳᠣᠭᠠᠷ ᠪᠦᠯᠥᠭ ᠦᠪᠡᠷᠮᠢᠴᠡ ᠣᠨᠴᠠᠯᠢᠭᠳᠣ ᠦᠵᠡᠮᠵᠢ ᠶᠢᠨ ᠵᠢᠭᠤᠯᠴᠢᠯᠡᠯ | ᠤᠨ ᠨᠠᠷᠠᠳᠣ ᠪᠠᠯᠭᠠᠰᠣ︾ ︽ᠦᠪᠡᠷᠳᠡᠬᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠪᠠᠯᠭᠠᠰᠣ︾ ︽ᠣᠷᠳᠣᠰ ᠮᠢᠨᠣ ᠨᠣᠳᠤᠭ᠂ ᠦᠵᠡᠰᠬᠦᠯᠡᠩᠳᠣ ᠰᠢᠶᠠᠩ | ᠪᠠᠯᠭᠠᠰᠣ ᠶᠢᠨ ᠲᠧᠯᠸᠢᠰᠳᠣ ᠶᠡᠷᠢᠶᠠᠨ ᠣᠷᠣᠯᠳᠣᠭᠠᠨ ᠤ ᠨᠢᠬᠡᠳᠣᠬᠡᠷ ᠳᠠᠰ ᠤᠨ ᠱᠠᠩᠨᠠᠯ︾ ︽ᠳᠣᠮᠳᠠᠳᠣ ᠣᠯᠣᠰ ᠤᠨ ᠣᠷᠭᠠᠨᠢᠭ ᠠᠵᠣ ᠣᠶᠢᠯᠡᠰ ᠤᠨ | ᠬᠦᠭᠵᠢᠯᠳᠡ ᠶᠢᠨ ᠳᠠᠭᠤᠷᠢᠶᠠᠯ ᠪᠠᠯᠭᠠᠰᠣ︾ ᠵᠡᠷᠬᠡ ᠨᠠᠷᠠᠶᠢᠳᠣᠯ ᠢ ᠣᠷᠢᠳ ᠬᠤᠵᠢᠳ ᠬᠦᠷᠳᠡᠪᠠ᠃ | ᠰᠢᠷᠬᠤᠰᠣᠨ ᠪᠠᠯᠠᠭᠠᠰᠣ ᠨᠢ ᠨᠡᠭᠦᠷᠡᠰᠤ᠂ ᠬᠡᠢ᠂ ᠤᠰᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠣ᠂ ᠤᠷᠳᠤᠰ ᠬᠤᠲᠠ ᠶᠢᠨ ᠲᠠᠸᠠᠷ ᠤᠨ ᠠᠮᠤ ᠪᠤᠳᠠᠭ᠎ᠠ | ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠪᠣᠯᠬᠤ ᠰᠠᠭᠤᠷᠢᠨ ᠭᠠᠵᠠᠷ᠂ ᠰᠢᠨ᠎ᠠ ᠮᠠᠶ᠋ᠢᠭ ᠤᠨ ᠡᠨᠧᠷᠬᠢ | ᠶᠢᠨ ᠬᠦᠨᠳᠦ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠢ ᠬᠦᠭᠵᠢᠭᠦᠯᠬᠦ ᠴᠢᠬᠤᠯᠠ ᠰᠠᠭᠤᠷᠢᠨ ᠭᠠᠵᠠᠷ ᠪᠤᠯᠤᠨ᠎ᠠ᠃ ᠤᠷᠳᠤᠰ ᠬᠤᠲᠠ ᠶᠢᠨ 18 | ᠭᠤᠤᠯᠳᠠᠯᠭᠠᠳᠤ ᠠᠵᠤ ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠢᠭᠡ ᠪᠤᠯᠬᠤ ᠨᠠᠷᠢᠡᠭᠤᠤᠯ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠠᠳᠡ | ᠪᠠᠶᠢᠷᠢᠰᠢᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ 1000 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ᠂ | ᠨᠡᠭᠦᠷᠡᠰᠤᠨ ᠤ ᠬᠠᠳᠠᠭᠠᠯᠠᠭᠳᠠᠴᠠ ᠨᠢ 340 ᠳ᠋ᠦᠩᠰᠢᠭᠤᠷ ᠲᠣᠠ ᠳᠤ ᠬᠦᠷᠴᠡᠢ᠃ ᠪᠦᠬᠦ ᠪᠠᠯᠭᠠᠰᠣᠨ ᠤ ᠲᠠᠷᠢᠶᠠᠨ ᠭᠠᠵᠠᠷ ᠤᠨ ᠲᠠᠯᠠᠪᠠᠢ 36.7 ᠭᠠᠷᠤᠢ | ᠲᠦᠮᠡᠨ ᠮᠤ᠋᠂ ᠪᠡᠯᠴᠢᠬᠡᠷ ᠤᠨ ᠳᠠᠯᠠᠪᠠᠢ 49.7 ᠲᠦᠮᠡᠨ ᠮᠤ᠋᠂ ᠣᠶᠢᠲᠤ ᠭᠠᠵᠠᠷ ᠤᠨ ᠳᠠᠯᠠᠪᠡᠢ 1109.6 ᠲᠦᠮᠡᠨ ᠮᠤ᠋ ᠪᠠᠶᠢᠵᠣ ᠣᠢ ᠰᠢᠭᠤᠢ ᠶᠢᠨ | ᠪᠦᠷᠬᠦᠴᠡ ᠨᠣᠷᠮ᠎ᠠ ᠨᠢ 44.3% ᠳᠤ ᠬᠦᠷᠴᠣ᠂ ᠣᠷᠭᠤᠮᠠᠯ ᠤᠨ ᠪᠦᠷᠬᠦᠴᠡ ᠨᠣᠷᠮ᠎ᠠ ᠨᠢ 82.8% ᠬᠦᠷᠪᠠ᠃ ᠤᠰᠤᠨ ᠤ ᠡᠬᠢ ᠰᠤᠷᠪᠤᠯᠵᠢ ᠡᠯᠪᠡᠭ | ᠳᠡᠯᠪᠡᠭ᠂ ᠦᠪᠡᠷᠲᠡᠭᠡᠨ ᠵᠠᠰᠠᠬᠤ ᠤᠷᠤᠨ ᠤ ᠪᠠᠷᠠᠭᠤᠨ ᠪᠡᠶ᠎ᠡ ᠶᠢᠨ ᠬᠠᠮᠤᠭ ᠤᠨ ᠶᠡᠭᠡ ᠤᠰᠤᠨ ᠴᠦᠬᠦᠷᠦᠮ — ᠪᠠᠲᠤ ᠶᠢᠨ ᠲᠣᠬᠤᠢ ᠶᠢᠨ ᠣᠰᠣᠨ | ᠴᠦᠬᠦᠷᠦᠮ ᠪᠠᠶᠢᠵᠤ᠂ ᠳᠡᠬᠦᠨ ᠤ ᠬᠠᠮᠤᠭ ᠤᠨ ᠶᠡᠭᠡ ᠪᠠᠭᠲᠠᠭᠠᠮᠵᠢ ᠨᠢ 1.03 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ᠂ ᠠᠰᠢᠭᠯᠠᠵᠤ ᠪᠤᠯᠬᠤ ᠤᠰᠤᠨ | ᠤ ᠡᠬᠢ ᠰᠤᠷᠪᠤᠯᠵᠢ ᠶᠢᠨ ᠶᠡᠷᠤᠩᠬᠡᠢ ᠬᠡᠮᠵᠢᠶ᠎ᠡ 1.5 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠲᠤ ᠬᠦᠷᠳᠡᠭ᠃ ᠵᠠᠮ ᠬᠠᠷᠢᠯᠴᠠᠭᠠᠨ ᠤ ᠳᠤᠤᠷ ᠱᠤᠭᠤᠮ | ᠬᠦᠭᠵᠢᠵᠤ᠂ ᠳᠠᠪᠴᠠᠭ ᠠᠴᠠ ᠵᠠᠩᠭᠤᠲᠤ ᠭᠦᠷᠬᠦ ᠵᠠᠮ᠂ ᠲᠦᠩᠽᠢ ᠠᠴᠠ ᠴᠠᠩ ᠴᠢᠩ ᠤᠨ ᠬᠤᠶᠠᠳᠤᠭᠠᠷ ᠴᠡᠪᠡᠷᠰᠢᠬᠦᠯᠬᠦ ᠤᠶᠢᠯᠡᠳᠪᠤᠷᠢ ᠬᠦᠷᠬᠦ ᠵᠠᠮ ᠪᠤᠯᠤᠨ | ᠨᠠᠷᠢᠡᠭᠤᠤᠯ ᠠᠴᠠ ᠪᠠᠲᠦ ᠶᠢᠨ ᠳᠤᠬᠤᠢ ᠭᠦᠷᠬᠦ ᠵᠠᠮ ᠨᠢ ᠦᠦᠰᠢᠨ ᠬᠤᠰᠢᠭᠤᠨ ᠤ ᠡᠮᠦᠨ᠎ᠡ ᠬᠠᠭᠠᠯᠭ᠎ᠠ ᠶᠢᠨ ᠴᠢᠬᠤᠯᠠ ᠵᠠᠮ ᠱᠤᠭᠤᠮ ᠪᠤᠯᠵᠤ᠂ ᠠᠭᠤᠷᠬᠠᠢ ᠶᠢᠨ | ᠤᠷᠤᠨ ᠢ ᠬᠤᠯᠪᠤᠵᠤ ᠪᠠᠶᠢᠭ᠎ᠠ ᠭᠠᠯᠠᠭᠤᠲᠤ ᠠᠴᠠ ᠳ᠋ᠠ ᠼᠣᠣ ᠸᠠᠨ ᠭᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠡᠷᠭᠡ ᠨᠡᠪᠲᠡᠷᠡᠵᠤ᠂ ᠪᠦᠬᠦ ᠪᠠᠯᠭᠠᠰᠤᠨ ᠤ 14 | ᠵᠠᠰᠠᠭ ᠵᠠᠬᠢᠷᠭᠠᠨ ᠤ ᠳᠤᠰᠬᠤᠨ ᠳᠤ ᠴᠦᠮ ᠳᠤᠰᠤᠨ ᠵᠠᠮ ᠨᠡᠪᠲᠡᠷᠡᠵᠠᠢ᠃ | ᠤᠷᠴᠢᠮ ᠤᠨ ᠵᠢᠯ ᠠᠴᠠ ᠰᠢᠷᠬᠤᠰᠤᠨ ᠪᠠᠯᠭᠠᠰᠤ ᠨᠢ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠦᠨᠵᠡᠬᠡᠢ | ᠠᠬᠢᠭᠤᠯᠣᠨ ᠮᠠᠯ ᠳᠠᠷᠢᠶᠠᠯᠠᠩ ᠠᠵᠣ ᠠᠬᠤᠢ ᠶᠢᠨ ᠬᠠᠩᠭᠠᠯᠭ᠎ᠠ ᠶᠢᠨ ᠳᠠᠯ᠎ᠠ ᠪᠦᠳᠦᠴᠡ ᠶᠢᠨ ᠴᠢᠨᠡᠷᠳᠡᠢ ᠦᠬᠡᠷᠡᠴᠢᠯᠡᠯᠳᠡ ᠪᠠᠷ ᠭᠤᠣᠯ ᠱᠤᠭᠤᠮ ᠪᠣᠯᠭᠠᠨ ᠸᠠᠩ | ᠶᠣᠣ ᠸᠠᠨ ᠳᠣᠰᠬᠤᠨ᠂ ᠣᠳᠠ ᠶᠢᠨ ᠭᠤᠣᠯ ᠳᠣᠰᠬᠤᠨ ᠵᠡᠷᠬᠡ 2 ᠳᠣᠰᠬᠤᠨ ᠢ ᠵᠢᠯᠣᠭᠤᠳᠣᠨ ︽ᠳᠠᠷᠢᠵᠣ ᠳᠡᠵᠢᠬᠡᠬᠦ ᠶᠢ ᠣᠶᠠᠯᠳᠣᠭᠤᠯᠣᠭᠰᠠᠨ︾ ᠳᠠᠷᠢᠶᠠᠯᠠᠩ | ᠠᠵᠣ ᠠᠬᠤᠢ ᠶᠢᠨ ᠬᠦᠭᠵᠢᠯᠳᠡ ᠶᠢᠨ ᠬᠡᠯᠪᠠᠷᠢ ᠶᠢ ᠶᠡᠬᠡᠪᠡᠷ ᠳᠡᠯᠬᠡᠷᠡᠬᠦᠯᠵᠣ ︽ᠨᠢᠬᠡ ᠪᠦᠰᠠ ᠨᠢᠬᠡ ᠬᠦᠷᠢᠶᠠᠯᠠᠩ ᠨᠢᠬᠡ ᠣᠷᠣᠨ︾ ᠤ ᠠᠵᠣ ᠣᠶᠢᠯᠡᠰ ᠤᠨ | ᠬᠦᠭᠵᠢᠯᠳᠡ ᠶᠢᠨ ᠬᠡᠯᠪᠠᠷᠢ ᠪᠠᠶᠢᠳᠠᠯ ᠢ ᠢᠳᠡᠪᠬᠢᠳᠡᠢ ᠪᠦᠳᠦᠬᠡᠨ ᠪᠠᠶᠢᠭᠤᠯᠪᠠ᠃ ᠣᠳᠣ ᠦᠶ᠎ᠡ ᠶᠢᠨ ᠮᠠᠯ ᠳᠠᠷᠢᠶᠠᠯᠠᠩ ᠤᠨ ᠠᠵᠣ ᠠᠬᠤᠢ ᠶᠢᠨ ᠬᠤᠯᠪᠣᠭᠠᠳᠣ | ᠴᠣᠭᠴᠠ ᠶᠢ ᠪᠠᠶᠢᠭᠤᠯᠪᠠ᠃ ᠬᠤᠯᠪᠣᠭᠠᠳᠣ ᠴᠣᠭᠴᠠ ᠳᠤ 5 ᠳᠣᠯᠣᠭᠠᠶᠢᠯᠠᠭᠴᠢ ᠠᠵᠣ ᠠᠬᠤᠶᠢᠯᠡᠯ᠂ 2 ᠮᠦᠩᠬᠦᠨ ᠬᠦᠢᠯᠬᠡᠬᠡᠨ ᠤ ᠪᠠᠶᠢᠭᠤᠯᠣᠮᠵᠢ᠂ 8 | ᠳᠣᠰᠬᠠᠶᠢᠵᠢᠭᠰᠠᠨ ᠬᠤᠷᠰᠢᠶᠠᠵᠢᠯ ᠪᠠ ᠵᠠᠷᠢᠮ ᠬᠡᠷ ᠪᠦᠯᠢ ᠶᠢᠨ ᠮᠠᠯᠴᠢᠨ ᠳᠠᠷᠢᠶᠠᠴᠢᠨ ᠡᠷᠦᠬᠡ ᠪᠠᠭᠳᠠᠵᠣ ︽ᠳᠣᠯᠣᠭᠠᠶᠢᠯᠠᠭᠴᠢ ᠠᠵᠣ ᠠᠬᠤᠶᠢᠯᠡᠯ + | ᠳᠣᠰᠬᠠᠶᠢᠵᠢᠭᠰᠠᠨ ᠬᠤᠷᠰᠢᠶᠠᠵᠢᠯ + ᠮᠠᠯᠴᠢᠨ ᠳᠠᠷᠢᠶᠠᠴᠢᠨ ᠡᠷᠦᠬᠡ︾ ᠶᠢᠨ ᠬᠡᠯᠪᠠᠷᠢ ᠶᠢ ᠠᠰᠢᠭᠯᠠᠨ ᠳᠠᠷᠢᠶᠠᠯᠠᠩ ᠤᠨ ᠡᠳ᠋ ᠪᠠᠷᠠᠭ᠎ᠠ ᠶᠢ ᠨᠢᠬᠡᠳᠣᠯᠳᠡᠢ | ᠬᠤᠳᠠᠯᠳᠣᠨ ᠠᠪᠬᠤ᠂ ᠳᠠᠷᠢᠶᠠᠯᠠᠩ ᠤᠨ ᠪᠦᠳᠦᠬᠡᠭᠳᠡᠬᠦᠨ ᠢ ᠬᠡᠪᠴᠢᠶᠠᠵᠢᠬᠦᠯᠥᠨ ᠳᠠᠷᠢᠬᠤ᠂ ᠵᠠᠬᠢᠶᠠᠯᠠᠭ᠎ᠠ ᠪᠠᠷ ᠪᠣᠷᠣᠯᠠᠭᠤᠯᠬᠤ᠂ ᠳᠠᠷᠢᠶᠠᠯᠠᠩ ᠤᠨ ᠣᠶᠢᠯᠡᠴᠢᠯᠡᠭᠡ | ᠶᠢ ᠴᠣᠭᠴᠠᠵᠢᠭᠤᠯᠬᠤ ᠬᠡᠯᠪᠠᠷᠢ ᠶᠢᠨ ᠠᠵᠣ ᠣᠶᠢᠯᠡᠰ ᠤᠨ ᠬᠡᠯᠬᠢᠶᠠᠵᠢᠯ ᠢ ᠪᠣᠢ ᠪᠣᠯᠭᠠᠵᠣ ︽ᠦᠷᠳᠡᠭ ᠢ ᠪᠠᠭᠤᠷᠠᠭᠤᠯᠣᠨ ᠦᠷ᠎ᠡ ᠪᠦᠳᠣᠮᠵᠢ ᠶᠢ ᠨᠡᠮᠡᠭᠳᠡᠬᠦᠯᠥᠨ | ᠶᠠᠰᠣ ᠴᠢᠨᠡᠷ ᠢ ᠳᠡᠬᠡᠭᠰᠢᠯᠡᠬᠦᠯᠵᠣ ᠪᠦᠬᠦᠳᠡᠬᠡᠷ ᠢᠶᠠᠨ ᠴᠢᠨᠡᠬᠡᠯᠢᠭᠵᠢᠬᠦ︾ ᠬᠦᠭᠵᠢᠯᠳᠡ ᠶᠢᠨ ᠬᠠᠷᠠᠯᠳᠠ ᠳᠤ ᠬᠦᠷᠴᠣ ᠪᠠᠳᠣᠳᠬᠠᠨ ᠳᠡᠮᠵᠢᠵᠣ ᠪᠠᠶᠢᠭ᠎ᠠ ᠶᠠᠳᠠᠭᠤ | ᠬᠦᠴᠢᠷᠳᠡᠯᠳᠡᠢ ᠡᠷᠦᠬᠡ ᠶᠢ ᠬᠤᠯᠪᠣᠭᠠᠳᠣ ᠴᠣᠭᠴᠠ ᠳᠤ ᠣᠷᠣᠭᠤᠯᠵᠣ ᠣᠷᠣᠯᠭ᠎ᠠ ᠶᠢ ᠨᠡᠮᠡᠭᠳᠡᠬᠦᠯᠬᠦ ᠪᠦᠳᠣᠮᠵᠢᠳᠣ ᠳᠣᠭᠳᠠᠯᠴᠠᠭ᠎ᠠ ᠶᠢ ᠪᠠᠶᠢᠭᠤᠯᠵᠣ ᠮᠠᠯᠴᠢᠨ | ᠳᠠᠷᠢᠶᠠᠴᠢᠨ ᠬᠤᠯᠪᠣᠭᠠᠳᠣ ᠴᠣᠭᠴᠠ ᠪᠠᠷ ᠳᠠᠮᠵᠢᠭᠤᠯᠣᠨ ᠵᠢᠯ ᠪᠦᠷᠢ ᠮᠣ᠋ ᠪᠣᠯᠭᠠᠨ ᠳᠡᠬᠡᠷ᠎ᠡ 200 ᠲᠦᠬᠦᠷᠢᠭ ᠤᠨ ᠦᠷᠳᠡᠭ ᠢ ᠠᠷᠪᠢᠯᠡᠵᠣ ᠬᠦᠮᠦᠨ ᠳᠣᠮᠳᠠᠴᠢ | ᠶᠢᠨ ᠣᠷᠣᠯᠭ᠎ᠠ ᠶᠢ 3000 ᠲᠦᠬᠦᠷᠢᠭ ᠪᠣᠯᠭᠠᠨ ᠨᠡᠮᠡᠭᠳᠡᠬᠦᠯᠪᠠ᠃ ᠮᠠᠯ ᠳᠠᠷᠢᠶᠠᠯᠠᠩ ᠤᠨ ᠣᠶᠢᠯᠡᠰ ᠤᠨ ᠪᠦᠳᠦᠴᠡ ᠶᠢ ᠬᠦᠨᠵᠡᠬᠡᠶᠢᠷᠡᠬᠦᠯᠥᠨ ᠳᠣᠬᠢᠷᠠᠭᠤᠯᠪᠠ᠃ | 36.7 ᠲᠦᠮᠡᠨ ᠮᠣ᠋ ᠳᠠᠷᠢᠶ᠎ᠠ ᠳᠠᠷᠢᠵᠣ ᠣᠰᠣ ᠠᠷᠪᠢᠯᠠᠬᠤ ᠣᠰᠣᠯᠠᠯᠭᠠ ᠶᠢ 1 ᠲᠦᠮᠡᠨ ᠮᠣ᠋ ᠬᠡᠷᠡᠭᠵᠢᠬᠦᠯᠵᠣ ᠦᠨᠳᠣᠷ ᠪᠠᠷᠢᠮᠵᠢᠶᠠᠳᠣ ᠳᠠᠷᠢᠶᠠᠨ ᠭᠠᠵᠠᠷ ᠢ 1.9 | ᠲᠦᠮᠡᠨ ᠮᠣ᠋ ᠴᠤᠭᠴᠠᠵᠢᠭᠤᠯᠣᠨ ᠨᠢᠬᠡᠳᠬᠡᠵᠣ ᠠᠮᠣ ᠪᠣᠳᠠᠭ᠎ᠠ᠂ ᠠᠵᠣ ᠠᠬᠤᠢ ᠶᠢᠨ ᠳᠠᠷᠢᠮᠠᠯ᠂ ᠪᠣᠷᠳᠣᠭᠠᠨ ᠳᠠᠷᠢᠮᠠᠯ ᠤᠨ ᠬᠠᠷᠢᠴᠠᠯ ᠢ 55᠄18᠄27 | ᠪᠣᠯᠭᠠᠪᠠ᠃ ᠣᠷᠳᠣᠪᠠᠶᠠ ᠳᠣᠰᠬᠤᠨ ᠨᠢ ᠦᠪᠣᠷ ᠮᠣᠩᠭᠤᠯ ᠤᠨ ᠳ᠋ᠢᠩ ᠱᠦᠨ ᠮᠠᠯ ᠳᠠᠷᠢᠶᠠᠯᠠᠩ ᠠᠵᠣ ᠠᠬᠤᠢ ᠶᠢᠨ ᠨᠡᠬᠡᠬᠡᠯᠳᠡ ᠶᠢᠨ ᠬᠢᠵᠠᠭᠠᠷᠳᠣ ᠺᠣᠮᠫᠠᠨᠢ ᠳᠤ | ᠲᠦᠰᠢᠭᠯᠡᠨ ᠦᠨᠳᠣᠷ ᠪᠦᠳᠣᠮᠵᠢᠳᠣ ᠵᠢᠱᠢᠶᠠᠴᠢ ᠬᠦᠷᠢᠶᠠᠯᠠᠩ ᠣᠷᠣᠨ ᠢ ᠪᠦᠳᠦᠬᠡᠨ ᠪᠠᠶᠢᠭᠤᠯᠪᠠ᠃ ᠳᠣᠭᠠᠷ ᠤᠨ ᠳᠣᠬᠤᠢ ᠳᠣᠰᠬᠤᠨ ᠱᠠᠨᠳᠦ᠋ᠩ ᠤᠨ ᠣᠰᠣᠨ | ᠨᠡᠬᠡᠬᠡᠯᠳᠡ ᠶᠢᠨ ᠪᠦᠯᠥᠭᠯᠡᠯ᠂ ᠦᠪᠣᠷ ᠮᠣᠩᠭᠤᠯ ᠤᠨ ᠰᠢᠨ ᠨᠥᠩ ᠹᠠ ᠳᠠᠷᠢᠶᠠᠯᠠᠩ ᠠᠵᠣ ᠠᠬᠤᠢ ᠶᠢᠨ ᠬᠦᠭᠵᠢᠬᠦᠯᠥᠯᠳᠡ ᠶᠢᠨ ᠬᠢᠵᠠᠭᠠᠷᠳᠣ ᠺᠣᠮᠫᠠᠨᠢ ᠶᠢ | ᠣᠷᠣᠭᠤᠯᠣᠨ ᠠᠪᠴᠢᠷᠠᠵᠣ 1000 ᠮᠣ᠋ ᠳᠠᠷᠢᠶᠠᠨ ᠭᠠᠵᠠᠷ ᠢ ᠯᠠᠵᠣᠣ ᠳᠠᠷᠢᠬᠤ ᠰᠠᠭᠤᠷᠢᠨ ᠭᠠᠵᠠᠷ ᠪᠣᠯᠭᠠᠪᠠ᠃ ᠳᠠᠷᠢᠵᠣ ᠳᠡᠵᠢᠬᠡᠬᠦ ᠣᠶᠠᠯᠳᠣᠭᠤᠯᠣᠨ | ᠡᠷᠬᠢᠯᠳᠣᠬᠦᠯᠥᠨ ᠬᠦᠭᠵᠢᠬᠦᠯᠬᠦ ᠶᠢ ᠠᠬᠢᠭᠤᠯᠵᠣ 50 ᠠᠯᠠᠰᠢᠨ ᠦᠬᠡᠷ ᠳᠡᠵᠢᠬᠡᠭᠰᠡᠨ ᠡᠷᠦᠬᠡ ᠶᠢ 5᠂ 300 ᠭᠠᠭ᠋ᠠᠢ ᠳᠡᠵᠢᠬᠡᠭᠰᠡᠨ ᠡᠷᠦᠬᠡ ᠶᠢ 5᠂ 300 | ᠠᠴᠠ ᠳᠡᠬᠡᠭᠰᠢ ᠠᠯᠠᠰᠢᠨ ᠬᠤᠨᠢ ᠳᠡᠵᠢᠬᠡᠭᠰᠡᠨ ᠡᠷᠦᠬᠡ ᠶᠢ 10 ᠳᠠᠮᠵᠢᠨ ᠬᠦᠭᠵᠢᠬᠦᠯᠪᠠ᠃ ᠦᠪᠣᠷ ᠮᠣᠩᠭᠤᠯ ᠤᠨ ᠰᠢᠶᠦ᠋ᠨ ᠮᠧᠩ ᠦᠬᠡᠷ ᠤᠨ ᠣᠶᠢᠯᠡᠰ ᠤᠨ | ᠬᠢᠵᠠᠭᠠᠷᠳᠣ ᠺᠣᠮᠫᠠᠨᠢ 2000 ᠠᠯᠠᠰᠢᠨ ᠦᠬᠡᠷ ᠳᠡᠵᠢᠬᠡᠨ ᠳᠠᠷᠭᠤᠯᠠᠭᠤᠯᠬᠤ ᠲᠦᠷᠥᠯ ᠵᠣᠶᠢᠯ ᠢ ᠣᠷᠣᠭᠤᠯᠣᠨ ᠠᠪᠴᠢᠷᠠᠵᠣ ᠦᠪᠣᠷ ᠮᠣᠩᠭᠤᠯ ᠤᠨ ᠬᠤᠣ | ᠱᠠᠨ ᠬᠤᠣ ᠱᠦᠢ ᠮᠠᠯ ᠳᠠᠷᠢᠶᠠᠯᠠᠩ ᠤᠨ ᠣᠶᠢᠯᠡᠰ ᠤᠨ ᠬᠢᠵᠠᠭᠠᠷᠳᠣ ᠺᠣᠮᠫᠠᠨᠢ ᠶᠢᠨ ᠲᠥᠮᠡᠨ ᠡᠬᠦᠯᠳᠡᠷ ᠤᠨ ᠭᠠᠭ᠋ᠠᠢ ᠶᠢᠨ ᠳᠡᠵᠢᠬᠡᠪᠣᠷᠢ ᠶᠢᠨ ᠲᠦᠷᠥᠯ ᠵᠣᠶᠢᠯ ᠢ | ᠣᠷᠣᠭᠤᠯᠣᠨ ᠠᠪᠴᠢᠷᠠᠵᠣ ᠦᠪᠣᠷ ᠮᠣᠩᠭᠤᠯ ᠤᠨ ᠭᠠᠭ᠋ᠠᠢ ᠶᠢᠨ ᠡᠮᠴᠢ ᠮᠠᠯ ᠠᠵᠤ ᠠᠬᠤᠢ ᠶᠢᠨ ᠬᠢᠵᠠᠭᠠᠷᠳᠣ ᠺᠣᠮᠫᠠᠨᠢ ᠶᠢᠨ ᠠᠷᠪᠠᠨ ᠲᠥᠮᠡᠨ ᠭᠠᠭ᠋ᠠᠢ ᠶᠢᠨ | ᠳᠡᠵᠢᠬᠡᠪᠣᠷᠢ ᠶᠢᠨ ᠲᠦᠷᠥᠯ ᠵᠣᠶᠢᠯ ᠢ ᠣᠷᠣᠭᠤᠯᠣᠨ ᠠᠪᠴᠢᠷᠠᠪᠠ᠃ ᠳᠠᠸᠡᠷ ᠤᠨ ᠳᠡᠮᠳᠡᠭᠳᠣ ᠶᠢᠨ ᠪᠠᠶᠢᠯᠳᠣᠬᠤ ᠪᠣᠳᠣᠯᠭ᠎ᠠ ᠶᠢ ᠳᠡᠯᠬᠡᠷᠡᠬᠦᠯᠵᠤ ︽ᠬᠤᠩ ᠹᠧᠩ | ᠡᠯᠳᠡᠪ ᠲᠥᠷᠥᠯ ᠤᠨ ᠠᠮᠣ︾ ᠶᠢᠨ ᠳᠠᠸᠡᠷ ᠤᠨ ᠳᠡᠮᠳᠡᠭᠳᠣ ᠢ ᠳᠠᠩᠰᠠᠯᠠᠭᠤᠯᠵᠣ ᠰᠢᠷᠬᠤᠰᠣᠨ ᠭᠤᠣᠯ ᠤᠨ ᠮᠠᠯ ᠳᠠᠷᠢᠶᠠᠯᠠᠩ ᠤᠨ ᠨᠡᠬᠡᠬᠡᠯᠳᠡ ᠶᠢᠨ ᠬᠢᠵᠠᠭᠠᠷᠳᠣ | ᠺᠣᠮᠫᠠᠨᠢ ᠨᠢ ᠦᠪᠣᠷ ᠮᠣᠩᠭᠤᠯ ᠤᠨ ᠮᠠᠯ ᠳᠠᠷᠢᠶᠠᠯᠠᠩ ᠠᠵᠣ ᠠᠬᠤᠢ ᠶᠢᠨ ᠠᠵᠣ ᠣᠶᠢᠯᠡᠰᠵᠢᠬᠦᠯᠥᠯᠳᠡ ᠶᠢᠨ ᠭᠤᠣᠯᠳᠠᠯᠭᠠᠳᠣ ᠳᠣᠯᠣᠭᠠᠶᠢᠯᠠᠭᠴᠢ ᠠᠵᠣ | ᠠᠬᠤᠶᠢᠯᠡᠯ ᠢᠶᠠᠷ ᠦᠨᠡᠯᠡᠭᠳᠡᠪᠠ᠃ ᠠᠳᠠ ᠳᠤᠮᠳᠠᠳᠤ ᠤᠯᠤᠰ ᠴᠢᠨᠠᠭᠰᠢᠯᠠᠪᠡᠯ ᠠᠽᠢᠶ᠎ᠠ ᠲᠢᠪ ᠤᠨ ᠬᠠᠮᠤᠭ ᠤᠨ ᠶᠡᠭᠡ ᠡᠯᠡᠰᠦᠷᠬᠡᠭ ᠭᠠᠵᠠᠷ ᠤᠨ ᠭᠤᠤ ᠬᠠᠪᠴᠢᠯ | ᠪᠠᠶᠢᠵᠤ ᠳᠤᠮᠳᠠᠳᠤ ᠤᠯᠤᠰ ᠶᠢᠨ ᠬᠠᠮᠤᠭ ᠠᠩᠬᠠᠨ ᠤ ᠬᠦᠮᠦᠨ ᠤ ᠰᠢᠳᠤᠨ ᠶᠠᠰᠤᠨ ᠤ ᠴᠢᠯᠠᠭᠤᠵᠢᠮᠠᠯ ᠢ ᠮᠠᠯᠲᠠᠨ ᠭᠠᠷᠭᠠᠵᠤ᠂ ᠥᠩᠭᠡᠷᠡᠭᠰᠡᠨ ᠳᠤ ︽ | ᠪᠤᠷᠤᠳᠤᠬᠤᠢ ᠶᠢᠨ ᠬᠦᠮᠦᠨ︾ ︵ᠤᠷᠳᠤᠰ ᠬᠦᠮᠦᠨ︶ ᠦᠶ᠎ᠡ ᠤᠯᠠᠷᠢᠨ ᠤᠷᠤᠰᠢᠨ ᠠᠮᠢᠳᠦᠷᠠᠵᠤ ᠪᠠᠶᠢᠭᠰᠠᠨ ᠠᠴᠠ ᠳᠡᠯᠡᠬᠡᠢ ᠳᠤ ᠠᠯᠳᠠᠷᠰᠢᠭᠰᠠᠨ ᠰᠢᠷᠬᠤᠰᠤᠨ | ᠰᠤᠶᠤᠯ ᠪᠤᠢ ᠪᠣᠯᠪᠠ᠃ ᠤᠷᠳᠤᠰ ᠤᠨ ᠬᠠᠮᠤᠭ ᠠᠩᠬᠠᠨ ᠤ ᠨᠢᠭᠡ ᠪᠦᠯᠦᠭ ᠡᠪ ᠬᠠᠮᠲᠤ ᠨᠠᠮ ᠤᠨ ᠬᠡᠰᠢᠬᠦᠳ ᠪᠤᠯᠦᠨ ᠬᠠᠮᠤᠭ ᠠᠩᠬᠠᠨ ᠤ ᠨᠠᠮ ᠤᠨ ᠪᠠᠭ᠎ᠠ | ᠳᠤᠭᠤᠶᠢᠯᠠᠩ ᠠᠳᠡ ᠪᠣᠢ ᠪᠣᠯᠵᠣ᠂ ᠬᠤᠪᠢᠰᠬᠠᠯᠳᠤ ᠰᠤᠶᠤᠯ ᠤᠨ ᠭᠡᠷᠡᠯᠲᠤ ᠲᠡᠤᠬᠡ ᠶᠢ ᠪᠢᠴᠢᠭᠯᠡᠵᠠᠢ᠃ ᠦᠪᠡᠷᠮᠢᠴᠠ ᠣᠨᠴᠠᠯᠢᠭᠳᠣ ᠪᠠᠶᠢᠭᠠᠯᠢ ᠶᠢᠨ ᠭᠠᠵᠠᠷ | ᠵᠦᠢ ᠶᠢᠨ ᠣᠷᠴᠢᠨ ᠳᠣᠭᠤᠷᠢᠨ ᠪᠠ ᠬᠦᠨ ᠵᠣᠵᠠᠭᠠᠨ ᠳᠡᠤᠬᠡᠨ ᠰᠣᠶᠣᠯ ᠤᠨ ᠦᠯᠡᠳᠡᠭᠳᠡᠯ ᠳᠤ ᠳᠦᠰᠢᠭᠯᠡᠨ ᠳᠡᠣᠬᠡ ᠰᠣᠶᠣᠯ ᠤᠨ ᠵᠢᠭᠤᠯᠴᠢᠯᠡᠯ᠂ ᠰᠠᠯᠠᠬᠦᠴᠡᠯ | ᠪᠠᠶ᠎ᠠ ᠰᠣᠪᠢᠯᠠᠯᠭᠠ᠂ ᠬᠤᠪᠢᠰᠬᠠᠯ ᠤᠨ ᠵᠢᠭᠤᠯᠴᠢᠯᠡᠯ ᠵᠡᠷᠬᠡ ᠭᠤᠣᠯᠳᠠᠯᠭᠠᠳᠠᠢ ᠬᠦᠭᠵᠢᠬᠦᠯᠵᠣ ᠪᠠᠶᠢᠨ᠎ᠠ᠃ ᠳᠡᠣᠬᠡ ᠰᠣᠶᠣᠯ ᠤᠨ ᠳᠠᠯ᠎ᠠ ᠪᠠᠷ ᠰᠢᠷᠬᠤᠰᠣ ᠰᠣᠶᠣᠯ | ᠵᠢᠭᠤᠯᠴᠢᠯᠡᠯ ᠤᠨ ᠨᠠᠷᠠᠳᠣ ᠳᠡᠮᠳᠡᠭᠳᠣ ᠢ ᠲᠦᠪᠯᠠᠷᠠᠬᠦᠯᠥᠨ ᠬᠦᠭᠵᠢᠬᠦᠯᠵᠤ ︽ᠨᠢᠬᠡ ᠭᠤᠣᠯ ᠭᠤᠷᠪᠠᠨ ᠬᠦᠷᠢᠶᠠᠯᠠᠩ︾ ᠤᠨ ᠰᠣᠶᠣᠯ ᠵᠢᠭᠤᠯᠴᠢᠯᠡᠯ ᠤᠨ ᠠᠵᠣ | ᠣᠶᠢᠯᠡᠰ ᠤᠨ ᠪᠦᠰᠠ ᠶᠢᠨ ᠲᠥᠯᠥᠪᠵᠢᠬᠦᠯᠬᠡ ᠪᠦᠳᠦᠬᠡᠨ ᠪᠠᠶᠢᠭᠤᠯᠣᠯᠳᠠ ᠶᠢ ᠢᠳᠡᠪᠬᠢᠳᠡᠢ ᠬᠦᠭᠵᠢᠬᠦᠯᠵᠣ ᠰᠢᠷᠬᠤᠰᠣ ᠦᠵᠡᠮᠵᠢ ᠶᠢᠨ ᠣᠷᠣᠨ ᠢ ᠣᠯᠣᠰ ᠤᠨ | AAAA ᠳᠠᠰ ᠤᠨ ᠵᠢᠭᠤᠯᠴᠢᠯᠡᠯ ᠤᠨ ᠦᠵᠡᠮᠵᠢ ᠶᠢᠨ ᠣᠷᠣᠨ ᠪᠣᠯᠭᠠᠨ ᠳᠠᠪᠰᠢᠬᠦᠯᠵᠣ ᠰᠢᠷᠬᠤᠰᠣ ᠣᠯᠣᠰ ᠤᠨ ᠳᠠᠰ ᠤᠨ ᠴᠡᠴᠡᠷᠯᠢᠭ ᠢᠶᠠᠷ ᠵᠦᠪᠰᠢᠶᠠᠷᠡᠬᠦᠯᠵᠣ | ᠰᠢᠷᠬᠤᠰᠣ ᠰᠠᠯᠠᠬᠦᠴᠡᠯ ᠪᠠᠶ᠎ᠠ ᠰᠣᠪᠢᠯᠠᠯᠭᠠ ᠶᠢᠨ ᠳᠠᠷᠢᠶᠠᠯᠠᠩ ᠤᠨ ᠬᠥᠷᠢᠶᠠᠯᠠᠩ ᠨᠢ ᠪᠦᠬᠦ ᠣᠯᠣᠰ ᠤᠨ ᠳᠠᠷᠢᠶᠠᠯᠠᠩ ᠠᠵᠣ ᠠᠬᠤᠢ ᠪᠣᠯᠣᠨ ᠬᠦᠳᠡᠭᠡ ᠨᠣᠳᠤᠭ | ᠤᠨ ᠪᠣᠯᠪᠠᠰᠣᠨ ᠰᠣᠷᠳᠠᠯ ᠤᠨ ᠵᠢᠭᠤᠯᠴᠢᠯᠡᠯ ᠤᠨ ᠵᠢᠱᠢᠶᠠᠴᠢ ᠴᠡᠭ ᠢᠶᠠᠷ ᠦᠨᠡᠯᠡᠭᠳᠡᠪᠠ᠃ ᠰᠠᠯᠠᠬᠦᠴᠡᠯ ᠪᠠᠶ᠎ᠠ ᠰᠣᠪᠢᠯᠠᠯᠭᠠ ᠶᠢᠨ ᠵᠢᠭᠤᠯᠴᠢᠯᠡᠯ ᠤᠨ ᠳᠠᠯ᠎ᠠ ᠪᠠᠷ | ᠸᠠᠩ ᠶᠣᠣ ᠸᠠᠨ ᠳᠣᠰᠬᠤᠨ ᠤ ᠨᠣᠭᠤ ᠭᠠᠵᠠᠷ ᠤᠨ ᠰᠠᠭᠤᠷᠢᠨ ᠭᠠᠵᠠᠷ ᠤᠨ ᠲᠦᠬᠦᠬᠡᠷᠣᠮᠵᠢ ᠶᠢᠨ ᠪᠦᠳᠦᠬᠡᠨ ᠪᠠᠶᠢᠭᠤᠯᠣᠯᠳᠠ ᠶᠢᠨ ᠲᠦᠷᠥᠯ ᠵᠣᠶᠢᠯ ᠨᠢ | ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠶᠠᠪᠣᠳᠠᠯ ᠤᠨ ᠬᠤᠷᠠᠯ ᠢᠶᠠᠷ ᠳᠡᠮᠵᠢᠵᠣ ᠰᠢᠷᠬᠤᠰᠣᠨ ᠪᠠᠯᠭᠠᠰᠣᠨ ᠤ ᠳᠠᠷᠢᠶᠠᠯᠠᠩ ᠤᠨ ᠶᠡᠷᠦᠩᠬᠡᠶᠢᠯᠡᠭᠰᠡᠨ | ᠴᠣᠭᠴᠠ ᠶᠢᠨ ᠪᠦᠳᠦᠬᠡᠨ ᠪᠠᠶᠢᠭᠤᠯᠣᠯᠳᠠ ᠶᠢ ᠢᠳᠡᠪᠬᠢᠳᠡᠢ ᠠᠬᠢᠭᠤᠯᠪᠠ᠃ ᠬᠤᠪᠢᠰᠬᠠᠯ ᠤᠨ ᠵᠢᠭᠤᠯᠴᠢᠯᠡᠯ ᠤᠨ ᠳᠠᠯ᠎ᠠ ᠪᠠᠷ ᠦᠣᠰᠢᠨ ᠬᠤᠰᠢᠭᠤᠨ ᠤ ᠨᠠᠮ ᠤᠨ | ᠪᠠᠶᠢᠭᠤᠯᠣᠯᠳᠠ ᠶᠢᠨ ᠬᠦᠮᠦᠵᠢᠯ ᠤᠨ ᠰᠠᠭᠤᠷᠢᠨ ᠭᠠᠵᠠᠷ ᠵᠦᠪᠰᠢᠶᠠᠷᠡᠭᠳᠡᠨ ᠡᠮᠣᠨᠠᠬᠢ ᠬᠤᠭᠤᠴᠠᠭᠠᠨ ᠤ ᠵᠢᠷᠤᠭ ᠲᠥᠯᠥᠪᠯᠡᠭᠡ ᠶᠢᠨ ᠠᠵᠢᠯ ᠢ ᠬᠢᠵᠣ ᠳᠠᠭᠤᠰᠬᠠᠪᠠ | ᠃ 1949 ᠣᠨ ᠤ ᠨᠠᠮᠣᠷ ᠤᠨ ᠰᠡᠬᠦᠯᠴᠢ ᠶᠢᠨ ᠬᠤᠰᠢᠭᠤ ᠨᠠᠮ ᠤᠨ ᠬᠤᠷᠢᠶᠠᠨ ᠤ ᠠᠯᠪᠡᠨ ᠬᠡᠷ ᠤᠨ ᠬᠠᠭᠤᠴᠢᠨ ᠪᠠᠭᠤᠷᠢ᠂ ᠨᠠᠷᠢᠠᠭᠤᠣᠯ ᠤᠨ ᠨᠠᠮ ᠤᠨ ᠪᠠᠭ᠎ᠠ | ᠳᠣᠭᠤᠶᠢᠯᠠᠩ ᠤᠨ ᠬᠠᠭᠤᠴᠢᠨ ᠪᠠᠭᠤᠷᠢ ᠵᠡᠷᠬᠡ ᠬᠤᠪᠢᠰᠬᠠᠯ ᠤᠨ ᠡᠬᠢ ᠪᠠᠶᠠᠯᠢᠭ ᠤᠨ ᠬᠦᠨᠵᠡᠬᠡᠢ ᠠᠭᠤᠳᠠᠯᠪᠠ᠃ ᠪᠠᠳᠣ ᠶᠢᠨ ᠳᠣᠬᠤᠢ ᠶᠢᠨ ᠳᠣᠰᠬᠤᠨ ᠤ ᠪᠦᠬᠦ | ᠣᠯᠣᠰ ᠤᠨ ᠬᠦᠳᠡᠭᠡ ᠳᠣᠰᠬᠤᠨ ᠤ ᠵᠢᠭᠤᠯᠴᠢᠯᠡᠯ ᠤᠨ ᠭᠤᠣᠯᠳᠠᠯᠭᠠᠳᠣ ᠳᠣᠰᠬᠤᠨ ᠢᠶᠠᠷ ᠰᠣᠩᠭᠤᠭᠳᠠᠵᠣ 2019 ᠣᠨ ᠤ ᠬᠦᠯᠢᠶᠠᠨ ᠵᠣᠴᠢᠯᠠᠭᠰᠠᠨ | ᠵᠢᠭᠤᠯᠴᠢᠯᠠᠭᠰᠠᠳ ᠢ 12 ᠲᠦᠮᠡᠨ ᠬᠦᠮᠦᠨ ᠣᠳᠠᠭ᠎ᠠ ᠵᠣᠴᠢᠯᠠᠵᠣ ᠵᠢᠭᠤᠯᠴᠢᠯᠡᠯ ᠤᠨ ᠡᠵᠡᠩᠨᠡᠯᠳᠡ ᠶᠢᠨ ᠣᠷᠣᠯᠭ᠎ᠠ ᠶᠢ 800 ᠲᠦᠮᠡᠨ ᠲᠦᠬᠦᠷᠢᠭ | ᠪᠠᠶᠠᠯᠡᠬᠦᠯᠪᠠ᠃ | ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠲᠦᠷᠥᠯ ᠤᠨ ᠱᠠᠭᠠᠷᠳᠠᠯᠭ᠎ᠠ ᠶᠢ ᠡᠷᠡᠰ ᠨᠠᠶᠢᠳᠠᠪᠣᠷᠢᠵᠢᠭᠤᠯᠵᠣ ︽ᠳᠠᠪᠤ ᠶᠢ ᠪᠠᠭᠤᠯᠭᠠᠨ ᠵᠢᠷᠭᠤᠭ᠎ᠠ ᠶᠢ | ᠬᠦᠷᠬᠡᠬᠦ︾ ᠺᠠᠳ᠋ᠷᠴᠣᠳ ᠤᠨ ᠭᠠᠴᠠᠭ᠎ᠠ ᠳᠣᠰᠬᠤᠨ ᠳᠤ ᠰᠠᠭᠤᠵᠣ ᠠᠶᠢᠯ ᠡᠷᠦᠬᠡ ᠳᠤ ᠬᠦᠨᠵᠡᠬᠡᠶᠢᠷᠡᠬᠦ ᠬᠠᠮᠢᠶᠠᠷᠣᠯᠳᠠ ᠶᠢᠨ ᠠᠵᠢᠯ ᠢ ᠬᠦᠨᠵᠡᠬᠡᠢ ᠠᠬᠢᠭᠤᠯᠵᠣ | ᠣᠯᠠᠨ ᠲᠦᠮᠡᠨ ᠤ ︽ᠬᠠᠮᠤᠭ ᠰᠠᠬᠦᠯᠴᠢ ᠶᠢᠨ ᠨᠢᠬᠡ ᠺᠢᠯᠣᠮᠧᠲᠷ ᠤᠨ ᠠᠰᠠᠭᠤᠳᠠᠯ ᠪᠠ ᠣᠯᠠᠨ ᠲᠦᠮᠡᠨ ᠤ ᠳᠣᠰ ᠪᠠᠶ᠎ᠠ ᠶᠢᠨ ᠠᠰᠢᠭ ᠳᠣᠰᠠ ᠲᠠᠢ | ᠬᠤᠯᠪᠣᠭᠳᠠᠭᠰᠠᠨ ᠪᠣᠳᠠᠳᠣ ᠠᠰᠠᠭᠤᠳᠠᠯ ᠢ ᠬᠦᠴᠦᠯᠡᠨ ᠰᠢᠢᠳᠪᠣᠷᠢᠯᠡᠵᠣ ᠰᠣᠷᠳᠠᠯ ᠤᠨ ᠪᠠᠶᠢᠭᠤᠯᠣᠯᠳᠠ ᠶᠢ ᠪᠠᠶᠢᠩᠭᠤᠵᠢᠭᠤᠯᠬᠤ ᠪᠦᠳᠣᠮᠵᠢᠳᠣ ᠳᠣᠭᠳᠠᠯᠴᠠᠭ᠎ᠠ ᠶᠢ | ᠠᠬᠢᠭᠤᠯᠪᠠ᠃ ᠨᠠᠮ ᠤᠨ ᠪᠠᠶᠢᠭᠤᠯᠠᠯᠳᠠ ᠶᠢᠨ ᠵᠢᠯᠣᠭᠤᠳᠣᠮᠵᠢ ᠶᠢᠨ ᠣᠶᠢᠯᠡᠳᠣᠯ ᠢ ᠳᠠᠰᠣᠷᠠᠯᠳᠡ ᠦᠬᠡᠢ ᠴᠢᠩᠭᠠᠳᠬᠠᠵᠣ ᠨᠠᠮ ᠤᠨ ᠬᠡᠰᠢᠬᠦᠨ ᠢ ᠵᠢᠯᠣᠭᠤᠳᠣᠨ | ᠬᠦᠳᠡᠭᠡ ᠳᠣᠰᠬᠤᠨ ᠤ ᠴᠢᠨᠡᠬᠡᠯᠢᠭᠵᠢᠬᠦ ᠲᠦᠷᠥᠯ ᠵᠣᠶᠢᠯ ᠢ ᠳᠣᠯᠣᠭᠠᠶᠢᠯᠠᠨ ᠰᠢᠨ᠎ᠡ ᠶᠢ ᠡᠬᠦᠳᠬᠦ᠂ ᠳᠠᠭᠠᠭᠤᠯᠥᠨ ᠬᠢᠬᠦ ᠪᠠ ᠵᠣᠬᠢᠴᠠᠭᠤᠯᠣᠨ ᠬᠢᠵᠣ ᠨᠠᠮ ᠤᠨ | ᠪᠠᠶᠢᠭᠤᠯᠣᠯᠳᠠ ᠪᠠ ᠠᠵᠣ ᠠᠬᠤᠢ ᠨᠡᠶᠢᠬᠡᠮ ᠤᠨ ᠬᠠᠷᠢᠯᠴᠠᠨ ᠠᠬᠢᠭᠤᠯᠣᠨ ᠬᠦᠭᠵᠢᠭᠰᠡᠨ ᠰᠢᠨ᠎ᠡ ᠪᠠᠶᠢᠳᠠᠯ ᠢᠯᠡᠷᠡᠪᠠ᠃ | ᠬᠤᠶᠢᠰᠢᠳᠠ ᠮᠠᠨ ᠤ ᠪᠠᠯᠭᠠᠰᠣ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ | ᠰᠠᠨᠠᠭ᠎ᠠ ᠪᠠᠷ ᠵᠢᠯᠣᠭᠤᠳᠣᠭᠤᠯᠣᠨ 3 — 5 ᠵᠢᠯ ᠤᠨ ᠬᠤᠭᠤᠴᠠᠭᠠᠨ ᠳᠤ ᠰᠢᠷᠬᠤᠰᠣᠨ ᠪᠠᠯᠭᠠᠰᠣ ᠶᠢ ᠣᠷᠳᠣᠰ ᠤᠨ ᠪᠠᠷᠠᠭᠤᠨ ᠪᠠᠶ᠎ᠠ ᠶᠢᠨ ᠣᠷᠣᠨ ᠤ ᠣᠳᠣ | ᠦᠶ᠎ᠠ ᠶᠢᠨ ᠳᠠᠷᠢᠶᠠᠯᠠᠩ ᠤᠨ ᠬᠦᠭᠵᠢᠯᠳᠡ ᠶᠢᠨ ᠵᠢᠱᠢᠶᠠᠴᠢ ᠪᠠᠯᠭᠠᠰᠣ᠂ ᠦᠪᠣᠷ ᠮᠣᠩᠭᠤᠯ ᠤᠨ ᠡᠮᠣᠨ᠎ᠠ ᠬᠠᠭᠠᠯᠭ᠎ᠠ ᠶᠢᠨ ᠦᠨᠳᠣᠰᠣᠳᠠᠨ ᠤ ᠦᠪᠡᠷᠳᠡᠬᠡᠨ | ᠵᠠᠰᠠᠬᠤ ᠳᠠᠪᠠᠭᠤᠯᠢᠭ ᠬᠦᠴᠦᠨ ᠪᠦᠬᠦᠢ ᠴᠣᠩᠬᠤᠪᠴᠢ ᠪᠣᠯᠭᠠᠵᠣ ︽ᠴᠢᠨᠡᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠵᠣ ᠨᠣᠮᠢᠨ ᠳᠠᠩᠰᠤᠭ ᠬᠦᠭᠵᠢᠨ | ᠮᠠᠨᠳᠣᠯᠳᠠ ᠶᠢ ᠪᠠᠶᠡᠯᠡᠬᠦᠯᠬᠦ︾ ᠳᠤ ᠰᠢᠷᠬᠤᠰᠣᠨ ᠤ ᠬᠦᠴᠦᠨ ᠢᠶᠠᠨ ᠨᠠᠮᠠᠷᠢᠯᠠᠨ᠎ᠠ᠃ | | |