ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠴᠢᠬᠤᠯᠠ ᠲᠤᠮᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠳᠠ ᠶᠢᠨ ᠠᠭᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠭᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2020-06-28
     6 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠴᠢᠬᠤᠯᠠ ᠲᠤᠮᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠳᠠ ᠶᠢᠨ ᠠᠭᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠭᠢᠨᠠᠨ ᠵᠢᠯᠤᠭᠤᠳᠤᠯᠭ᠎ᠠ ᠭᠢᠵᠤ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠠᠯ᠂ ᠠᠵᠤ ᠠᠬᠤᠶ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠡᠷᠳᠡᠨᠢᠪᠢᠯᠢᠭ ᠨᠠᠷ ᠤᠷᠢᠳ ᠬᠤᠵᠢᠳ ᠥᠪᠥᠷ ᠮᠣᠩᠭᠤᠯ ᠤᠨ ᠬᠤᠸᠠ ᠢᠤᠢ ᠬᠢᠮᠢ ᠶᠢᠨ ᠥᠢᠯᠡᠳᠪᠤᠷᠢ ᠶᠢᠨ ᠵᠢᠯ ᠤᠨ 20 ᠲᠦᠮᠡᠨ ᠲᠣᠨ ᠤ ᠢᠳᠡᠭᠡᠨ ᠤ ᠲᠡᠰ ᠤᠨ ᠰᠢᠩᠭᠡᠨ ᠪᠡᠶᠡᠲᠦ ᠶᠢᠨ ᠨᠠᠭᠦᠷᠠᠰᠤᠳᠥ᠋ᠷᠥᠭᠴᠢ ᠶᠢᠨ ᠲᠠᠪᠬᠤᠷ ᠢᠰᠤᠯ ᠦᠢᠯᠡᠳᠪᠦᠷᠢᠯᠡᠬᠦ ᠲᠥᠷᠤᠯ ᠵᠥᠢᠯ᠂ ᠥᠪᠥᠷ ᠮᠣᠩᠭᠤᠯ ᠤᠨ ᠰᠧ ᠬᠠᠢ ᠬᠡᠢ ᠪᠠᠶᠠᠳᠤ ᠶᠢᠨ ᠬᠠᠶᠠᠭᠳᠠᠮᠠᠯ ᠬᠡᠢ  ᠶᠢᠨ ᠨᠠᠭᠦᠷᠠᠰᠤᠳᠥ᠋ᠷᠥᠭᠴᠢ ᠶᠢᠨ ᠲᠠᠪᠬᠤᠷ ᠢᠰᠤᠯ ᠢ ᠡᠭᠡᠭᠦᠯᠦᠨ ᠬᠤᠷᠢᠶᠠᠬᠤ ᠲᠥᠷᠥᠯ ᠵᠥᠢᠯ᠂ ᠲᠤᠭ ᠠᠵᠤ ᠥᠢᠯᠡᠳᠪᠤᠷᠢ ᠶᠢᠨ ᠲᠥᠷᠥᠯ ᠵᠥᠢᠯ ᠤᠨ ᠤᠷᠤᠨ ᠤ ᠲᠤᠰᠬᠠᠢ ᠡᠭᠦᠷᠭᠡᠲᠦ ᠭᠠᠯ ᠤᠨᠲᠠᠷᠠᠭᠠᠬᠤ ᠥᠷᠲᠡᠭᠡ ᠶᠢᠨ ᠥᠷᠭᠡᠳᠬᠡᠨ ᠥᠭᠡᠷᠡᠴᠢᠯᠠᠭᠦ ᠢᠨᠵᠧᠨᠧᠷᠢᠩ᠂ ᠥᠪᠥᠷ ᠮᠣᠩᠭᠤᠯ ᠤᠨ ᠴᠠᠩ ᠬᠤᠩ ᠰᠦᠯᠢᠶᠣᠣ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠢᠵᠠᠭᠠᠷᠳᠤ ᠺᠣᠮᠫᠠᠨᠢ᠂ ᠲᠤᠭ ᠪᠠᠭ᠎ᠠ ᠰᠤᠷᠭᠠᠭᠤᠯᠢ ᠶᠢᠨ ᠪᠥᠳᠥᠭᠡᠨ ᠪᠠᠶᠢᠭᠤᠯᠤᠯᠳᠠ ᠶᠢᠨ ᠲᠥᠷᠥᠯ ᠵᠥᠢᠯ ᠵᠡᠷᠭᠡ ᠭᠠᠵᠠᠷ ᠲᠤ ᠭᠥᠨᠵᠡᠭᠡᠶᠢᠷᠠᠨ ᠡᠯ᠎ᠡ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠠᠭᠢᠭᠤᠯᠤᠯᠳᠠ ᠶᠢᠨ ᠪᠠᠶᠢᠳᠠᠯ ᠪᠣᠯᠤᠨ ᠲᠥᠷᠥᠯ ᠵᠥᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠶᠢᠯᠠᠭᠠᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠵᠣᠬᠢᠴᠠᠭᠤᠯᠤᠨ ᠰᠢᠢᠳᠪᠤᠷᠢᠯᠠᠵᠠᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠴᠢᠬᠤᠯᠠ ᠲᠤᠮᠤ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠯ ︽ᠵᠢᠷᠭᠤᠭ᠎ᠠ ᠶᠢ ᠪᠠᠲᠤᠯᠠᠬᠤ︾ ᠶᠢ ᠨᠠᠶᠢᠳᠠᠪᠤᠷᠢᠵᠢᠭᠤᠯᠬᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠶᠢ ᠪᠡᠶᠡᠯᠡᠭᠦᠯᠬᠦ ᠴᠢᠬᠤᠯᠠ ᠠᠵᠢᠯ ᠪᠣᠯᠤᠨ᠎ᠠ᠃ ᠡᠯ᠎ᠡ ᠲᠥᠷᠥᠯ ᠵᠥᠢᠯ ᠤᠨ ᠦᠮᠴᠢᠲᠡᠨ ᠨᠢ ᠬᠠᠷᠢᠭᠤᠴᠠᠯᠭ᠎ᠠ ᠶᠢᠨ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ ᠢ ᠴᠢᠩᠭᠠᠳᠬᠠᠨ ᠪᠠᠷᠢᠯᠭ᠎ᠠ ᠶᠢᠨ ᠠᠬᠢᠴᠠ ᠶᠢ ᠵᠠᠪᠳᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠣᠰᠣᠭᠠᠷ ᠠᠵᠢᠯ ᠤᠨ ᠲᠥᠰᠥᠪ ᠢᠶᠠᠨ ᠲᠡᠭᠦᠯᠳᠡᠷᠵᠢᠭᠦᠯᠵᠦ ᠠᠵᠢᠯᠲᠠᠨ ᠪᠠ ᠡᠳ᠋ ᠪᠣᠳᠠᠰ ᠤᠨ ᠪᠠᠲᠤᠯᠠᠭ᠎ᠠ ᠶᠢ ᠬᠠᠩᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠠᠮᠳᠠᠭᠦ ᠪᠠ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠭᠢᠭᠦ ᠭᠡᠷᠡᠭᠳᠠᠢ᠃ ᠠᠶᠤᠯᠭᠦᠢ ᠶᠢᠨ ᠤᠬᠠᠮᠰᠠᠷ ᠢ ᠪᠤᠢ ᠪᠤᠯᠭᠠᠨ ᠪᠠᠷᠢᠯᠭ᠎ᠠ ᠶᠢᠨ ᠭᠠᠵᠠᠷ‌‍ᠤᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠤ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠬᠦᠷᠢᠶᠡᠯᠡᠩ ᠲᠣᠭᠤᠷᠢᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠠᠵᠤ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠶᠢᠨ ᠥᠢᠯᠡᠴᠢᠯᠡᠭᠡ ᠬᠠᠩᠭᠠᠬᠤ ᠭᠡᠷᠡᠭᠳᠠᠢ᠃ ᠲᠥᠷᠥᠯ ᠵᠦᠢᠯ ᠤᠨ ᠠᠵᠢᠯ ᠡᠬᠢᠯᠡᠬᠦ᠂ ᠲᠥᠷᠥᠯ ᠵᠦᠢᠯ ᠨᠥᠭᠡᠴᠡᠯᠡᠬᠦ᠂ ᠲᠥᠷᠥᠯ ᠵᠦᠢᠯ ᠲᠥᠯᠥᠪᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号