ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-28
     6 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠤᠷᠤᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠠᠰ  ᠤᠨ ᠭᠡᠷ ᠲᠡᠭᠡᠨ ᠪᠠᠶᠢᠭ᠎ᠠ ᠪᠥᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
     ᠬᠤᠷᠠᠯ ᠠᠴᠠ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠥᠢᠯ ᠤᠨ ᠠᠬᠢᠴᠠ ᠶᠢᠨ ᠪᠠᠶᠢᠳᠠᠯ᠂ ︽ᠠᠷᠪᠠᠨ ᠲᠥᠷᠪᠡᠳᠤᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠭᠰᠠᠨ ᠪᠠ ᠲᠥᠷᠥᠯ ᠵᠥᠢᠯ ᠢ ᠨᠥᠭᠡᠴᠡᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠲᠡᠭᠡᠯ ᠵᠣᠷᠢᠭ ᠢᠶᠠᠨ ᠪᠠᠳᠤᠳᠬᠠᠨ ᠬᠦᠴᠢᠷ ᠪᠡᠷᠬᠡᠰᠢᠶᠡᠯ ᠢ ᠰᠦᠷᠦᠨ ᠤᠷᠤᠭᠰᠢᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ‌ᠢ ᠨᠢᠭᠡᠳᠦᠯᠲᠡᠶ ᠲᠥᠯᠥᠪᠯᠡᠨ ᠠᠬᠢᠭᠤᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠠᠶᠢᠭᠤᠯᠤᠨ ᠪᠦᠲᠦᠭᠡᠬᠦ ᠰᠢᠢᠳᠪᠤᠷᠢᠳᠤ ᠢᠯᠠᠯᠲᠠ ᠣᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠭᠤᠤᠯᠳᠠᠯᠭ᠎ᠠ ᠲᠠᠢ ᠲᠥᠷᠥᠯ ᠵᠥᠢᠯ ᠢ ᠠᠳᠬᠤᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠬᠡᠬᠦ᠂ ᠪᠡᠯᠡ ᠲᠣᠬᠢᠷᠠᠭᠤᠯᠬᠤ ᠳᠤ ᠬᠦᠴᠢᠷᠲᠡᠶ ᠵᠡᠷᠭᠡ ᠠᠰᠠᠭᠤᠳᠠᠯ ᠪᠠ ᠬᠦᠴᠢᠷᠳᠡᠯ ᠢ ᠰᠢᠢᠳᠪᠤᠷᠢᠯᠠᠵᠤ ᠪᠠᠷᠢᠯᠭ᠎ᠠ‌‍ᠶᠢᠨ ᠬᠤᠭᠤᠴᠠᠭ᠎ᠠ ᠪᠠ ᠠᠬᠢᠴᠠ ᠶᠢ ᠵᠠᠪᠳᠤᠨ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠬᠤ ᠭᠡᠷᠡᠭᠳᠠᠢ᠃ ᠲᠥᠷᠥ ᠶᠢᠨ ᠪᠣᠳᠣᠯᠭ᠎ᠠ ᠶᠢ ᠲᠡᠮᠡᠴᠡᠨ ᠣᠯᠬᠤ ᠪᠠ ᠲᠥᠷᠥᠯ ᠵᠦᠢᠯ ᠤᠨ ᠨᠥᠭᠡᠴᠡ ᠶᠢ ᠦᠷᠭᠦᠯᠵᠢᠯᠡᠨ ᠠᠳᠬᠤᠵᠤ ᠲᠥᠪ ᠤᠨ ᠲᠤᠰᠬᠠᠶ ᠲᠥᠷᠤᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠮᠥᠩᠭᠦᠨ ᠭᠥᠢᠯᠭᠡᠭᠡᠨ ᠤ ᠲᠡᠮᠵᠢᠯᠭᠡ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠦᠬᠦ ᠬᠤᠰᠢᠭᠤᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠢᠭᠡ ᠪᠦᠯᠦᠭ ᠵᠥᠪᠰᠢᠶᠡᠷᠡᠨ ᠣᠷᠣᠭᠤᠯᠵᠤ ᠪᠣᠯᠬᠤ᠂ ᠰᠠᠭᠤᠷᠢᠰᠢᠵᠤ ᠪᠣᠯᠬᠤ᠂ ᠦᠷᠭᠦᠯᠵᠢᠯᠡᠵᠦ ᠪᠣᠯᠬᠤ ᠲᠣᠮᠣ ᠲᠥᠷᠤᠯ ᠵᠥᠢᠯ᠂ ᠰᠠᠶᠢᠨ ᠲᠥᠷᠥᠯ ᠵᠦᠢᠯ ᠢ ᠲᠥᠷᠭᠡᠨ ᠨᠥᠭᠡᠴᠡᠯᠡᠵᠦ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠭᠡᠷᠡᠭᠳᠠᠢ᠃ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠠᠯᠳᠠ ᠶᠢ ᠭᠦᠨᠵᠡᠭᠡᠶᠢᠷᠡᠭᠦᠯᠤᠨ ᠵᠠᠰᠠᠭ ᠤᠨ ᠣᠷᠳᠣᠨ ᠤ ᠥᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠭᠤᠤᠯᠳᠠᠯᠭ᠎ᠠ ᠲᠠᠢ ᠲᠥᠷᠥᠯ ᠵᠥᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠪᠤᠯᠤᠨ ᠰᠢᠶᠠᠨ ᠤ ᠲᠠᠰ ᠤᠨ ᠤᠳᠤᠷᠢᠳᠤᠯᠭ᠎ᠠ ᠭᠤᠤᠯᠳᠠᠯᠭ᠎ᠠ  ᠲᠠᠢ ᠲᠥᠷᠥᠯ ᠵᠥᠢᠯ ᠢ ᠳᠠᠭᠠᠭᠠᠴᠢᠯᠠᠨ ᠬᠤᠯᠪᠣᠭᠠᠯᠠᠬᠤ ᠶᠢ ᠠᠬᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠠᠵᠤ ᠠᠬᠤᠶᠢᠯᠠᠯ ᠳᠤ ᠨᠡᠩ ᠰᠠᠶᠢᠨ ᠥᠢᠯᠡᠴᠢᠯᠡᠭᠡ ᠬᠠᠩᠭᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ᠂ ᠪᠠᠷᠢᠯᠭ᠎ᠠ ᠶᠢᠨ ᠭᠠᠵᠠᠷ ᠤᠨ ᠬᠢᠨᠠᠨ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠰᠡᠷᠭᠡᠶᠢᠯᠡᠨ ᠠᠷᠢᠯᠭᠠᠵᠤ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠠᠶᠠᠯᠠᠭᠦᠯᠭᠦ ᠲᠡᠰᠢ ᠤᠷᠤᠭᠰᠢᠯᠠᠬᠤ ᠴᠢᠬᠤᠯᠠ ᠱᠠᠲᠤ ᠦᠶ᠎ᠡ᠂ ᠮᠥᠨᠴᠦ ᠮᠠᠨ ᠤ ᠬᠤᠰᠢᠭᠤᠨ ᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠴᠢᠬᠤᠯᠠ ᠱᠠᠲᠤ ᠦᠶ᠎ᠡ ᠮᠥᠨ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠨ ᠲᠥᠯᠥᠪᠵᠢᠭᠦᠯᠬᠡ ᠨᠠᠶᠢᠷᠠᠭᠤᠯᠤᠨ ᠲᠤᠭᠲᠠᠭᠠᠬᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠡᠨᠡ ᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠳᠦᠯᠦᠨ ᠲᠠᠭᠠᠭᠤᠯᠬᠤ ᠭᠡᠷᠡᠭᠳᠠᠢ᠃ ᠪᠦᠬᠦ ᠲᠠᠯ᠎ᠠ ᠶᠢ ᠡᠵᠡᠮᠳᠡᠵᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠮᠠᠨ ᠤ ᠬᠤᠰᠢᠭᠤᠨ ᠤ ᠪᠤᠳᠠᠳᠠᠢ ᠳᠤ ᠨᠡᠶᠢᠴᠡᠭᠰᠡᠨ ᠬᠥᠭᠵᠢᠯᠲᠡ ᠶᠢᠨ ᠰᠠᠨᠠᠯ ᠰᠠᠨᠠᠭᠤᠯᠭ᠎ᠠ ᠶᠢ ᠲᠣᠭᠲᠠᠭᠠᠵᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠯᠥᠪᠵᠢᠭᠦᠯᠵᠦ ᠠᠵᠤ ᠠᠬᠤᠢ ᠨᠡᠶᠢᠭᠡᠮ ᠤᠨ ᠲᠥᠷᠭᠡᠨ ᠬᠥᠭᠵᠢᠯᠲᠡ ᠳᠤ ᠲᠤᠯᠭᠠᠭᠤᠷᠢᠯᠠᠯ ᠪᠠ ᠭᠥᠳᠡᠯᠭᠡᠭᠦ ᠬᠦᠴᠦᠨ ᠬᠠᠩᠭᠠᠬᠤ ᠭᠡᠷᠡᠭᠳᠠᠢ᠃ ᠦᠵᠡᠯ ᠰᠠᠨᠠᠭ᠎ᠠ ᠪᠠᠨ ᠴᠢᠯᠥᠭᠡᠯᠡᠵᠦ ᠣᠶᠢᠯᠠᠭᠠᠭᠳᠠᠬᠤᠨ ᠤ ᠰᠢᠨ᠎ᠡ ᠡᠬᠦᠳᠦᠯᠲᠡ ᠶᠢᠨ ᠰᠤᠳᠤᠯᠭᠠᠨ ᠢ ᠴᠢᠩᠭᠠᠳᠬᠠᠨ ᠬᠥᠭᠵᠢᠯᠲᠡ ᠶᠢᠨ ᠲᠥᠯᠥᠪᠵᠢᠭᠦᠯᠭᠡ ᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠩ ᠰᠠᠶᠢᠨ ᠢᠯᠠᠷᠠᠭᠦᠯᠭᠦ᠂ ᠰᠢᠨ᠎ᠡ ᠴᠠᠭ ᠦᠶ᠎ᠡ ᠶᠢᠨ ᠣᠨᠴᠠᠯᠢᠭ ᠲᠤ ᠨᠠᠩ ᠨᠠᠶᠢᠴᠠᠭᠦᠯᠭᠦ᠂ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠨ ᠲᠤᠰᠬᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号