ᠡᠨᠡ ᠵᠢᠯ᠂ ᠮᠠᠨ ᠤ ᠬᠤᠰᠢᠭᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠥᠯ ᠵᠦᠢᠯ ᠢ | ᠠᠷᠠᠳ ᠤᠨ ᠲᠥᠯᠥᠭᠡᠯᠡᠭᠴᠢ ᠪᠢᠯᠧᠲ ᠥᠭᠴᠦ ᠲᠣᠭᠲᠠᠭᠠᠬᠤ ᠲᠦᠷᠢᠮ ᠢ ᠠᠩᠬ᠎ᠠ ᠤᠳᠠᠭ᠎ᠠ ᠬᠡᠷᠡᠭᠵᠢᠭᠦᠯᠵᠦ ᠠᠷᠪᠠᠨ | ᠲᠦᠷᠦᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠵᠠᠯᠭᠠᠪᠠᠷ ᠬᠡᠷᠡᠭᠵᠢᠬᠦᠯᠵᠣ ᠡᠬᠢᠯᠡᠭᠰᠡᠨ ᠪᠠᠶᠢᠨ᠎ᠠ᠃ | ᠣᠶᠢᠷ᠎ᠠ ᠳᠤ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤᠨ ᠤ ᠵᠣᠬᠢᠬᠤ ᠨᠠᠰᠤᠨ ᠤ ᠡᠮᠡᠭᠲᠡᠶᠢᠴᠦᠳ᠂ | ᠨᠠᠰᠤᠳᠠᠶᠢᠴᠤᠳ ᠲᠤ ᠴᠢᠭᠯᠡᠭᠦᠯᠦᠭᠰᠡᠨ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠤᠰᠢᠭᠤ | ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠵᠤ ᠪᠠᠶᠢᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠪᠡᠶ᠎ᠡ ᠶᠢᠨ | ᠪᠠᠶᠢᠴᠠᠭᠠᠯᠲᠠ ᠶᠢ ᠤᠮᠳᠤᠭᠠᠶᠢᠯᠠᠨ ᠡᠪᠡᠳᠴᠢᠨ ᠢ ᠡᠷᠲᠡ ᠢᠯᠡᠷᠡᠭᠦᠯᠵᠦ ᠳᠡᠶᠢᠯᠬᠦ ᠦᠭᠡᠢ ᠠᠴᠠ ᠪᠤᠯᠵᠦ | ᠡᠪᠡᠳᠴᠢᠨ ᠢᠶᠠᠨ ᠬᠦᠨᠳᠦᠷᠡᠭᠦᠯᠬᠦ ᠠᠴᠠ ᠰᠡᠷᠭᠡᠶᠢᠯᠡᠬᠦ ᠶᠢᠨ ᠳᠣᠰᠠᠳᠠ ᠲᠤᠰ ᠪᠠᠶᠢᠴᠠᠭᠠᠯᠲᠠ ᠶᠢ ᠬᠢᠬᠦ ᠪᠠᠷ ᠲᠤᠭᠲᠠᠵᠦ | ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠠᠪᠰᠢᠭᠦᠯᠵᠦ ᠪᠠᠳᠤᠯᠠᠨ | ᠵᠦᠪᠰᠢᠶᠡᠷᠡᠬᠦᠯᠵᠤ ᠬᠡᠷᠡᠭᠵᠢᠬᠦᠯᠵᠦ ᠪᠠᠶᠢᠨ᠎ᠠ᠃ ᠡᠨᠡ ᠵᠢᠯ ᠮᠠᠨ ᠤ ᠬᠤᠰᠢᠭᠤ 648 ᠲᠦᠮᠡᠨ ᠲᠥᠭᠦᠷᠢᠭ ᠭᠠᠷᠭᠠᠵᠤ | ᠪᠦᠬᠦ ᠬᠤᠰᠢᠭᠤᠨ ᠤ 6 ᠰᠤᠮᠤ ᠪᠠᠯᠭᠠᠰᠤᠨ ᠤ 61 ᠭᠠᠴᠠᠭ᠎ᠠ ᠲᠣᠰᠬᠤᠨ ᠤ 30 ᠪᠦᠬᠦᠯᠢ ᠨᠠᠰᠤᠨ ᠠᠴᠠ | ᠳᠡᠭᠡᠭᠰᠢᠬᠢ ᠡᠮᠡᠭᠳᠡᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠭᠭᠦ ᠪᠠᠷ | ᠪᠠᠶᠢᠨ᠎ᠠ᠃ ᠡᠨᠡ ᠨᠢ ᠠᠷᠪᠠᠨ ᠲᠦᠷᠦᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ | ᠤᠨ ᠨᠢᠬᠡ ᠪᠤᠯᠤᠨ᠎ᠠ᠃ | | | | | | | ᠲᠤᠭ ᠪᠠᠯᠭᠠᠰᠦᠨ ᠤ ᠬᠤᠸᠠᠲᠤᠯᠤᠭᠠᠢ ᠭᠠᠴᠠᠭᠠᠨ ᠤ ᠮᠠᠯᠴᠢᠨ ᠣᠳᠬᠠᠨᠰᠡᠷᠡᠩ᠄ ︽ᠬᠤᠰᠢᠭᠤᠨ ᠠᠴᠠ | ᠵᠣᠬᠢᠶᠠᠨ ᠪᠠᠶᠢᠭᠤᠯᠤᠭᠰᠠᠨ ᠡᠯ᠎ᠡ ᠭᠠᠴᠠᠭ᠎ᠠ ᠲᠤᠰᠬᠤᠨ ᠤ ᠡᠮᠡᠭᠲᠡᠶᠢᠴᠦᠳ᠂ ᠨᠠᠰᠤᠳᠠᠶᠢᠴᠤᠳ ᠤᠨ ᠰᠦᠢᠳᠬᠡᠯ | ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠳᠠ ᠳᠤ ᠣᠷᠣᠯᠴᠠᠭᠠᠳ ᠲᠤᠶᠢᠯ ᠤᠨ ᠶᠡᠭᠡ ᠪᠠᠶᠠᠷᠯᠠᠵᠤ ᠪᠠᠶᠢᠨ᠎ᠠ᠃ | ᠦᠩᠭᠡᠷᠡᠭᠰᠡᠨ ᠳᠤ ᠪᠢᠳᠡ ᠵᠣᠭᠤᠰ ᠢᠶᠠᠨ ᠦᠪᠡᠷ ᠢᠶᠠᠨ ᠭᠠᠷᠳᠠᠭ᠂ ᠣᠳᠣ ᠪᠣᠯ ᠰᠦᠢᠳᠬᠡᠯ ᠬᠤᠷᠢᠶᠠᠬᠤ ᠦᠭᠡᠢ | ᠪᠠᠶᠢᠴᠠᠭᠠᠭᠰᠠᠨ ᠮᠦᠷᠳᠡᠭᠡᠨ ᠲᠤᠰᠬᠠᠢ ᠲᠡᠷᠭᠡ ᠲᠤᠬᠢᠷᠠᠭᠤᠯᠵᠦ ᠪᠢᠳᠠᠨ ᠢ ᠲᠤᠰᠴᠤ ᠠᠪᠴᠢᠷᠠᠭᠠᠳ ᠪᠠᠶᠢᠴᠠᠭᠠᠵᠦ | ᠪᠠᠶᠢᠨ᠎ᠠ︾ ᠭᠡᠪᠡ᠃ | ᠲᠤᠭ ᠪᠠᠯᠭᠠᠰᠦᠨ ᠤ ᠬᠤᠸᠠᠲᠤᠯᠤᠭᠠᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠨ ᠤ ᠳᠡᠳ᠋ ᠡᠷᠬᠢᠯᠡᠭᠴᠢ | ᠰᠠᠷᠠᠩᠭᠤᠸ᠎ᠠ᠄ ︽ᠡᠨᠡ ᠤᠳᠠᠭᠠᠨ ᠤ ᠪᠠᠶᠢᠴᠠᠭᠠᠯᠲᠠ ᠨᠢ ᠮᠠᠯᠴᠢᠨ ᠲᠥᠮᠡᠨ ᠳᠡᠭᠡᠨ ᠬᠠᠮᠤᠭ ᠤᠨ ᠰᠠᠶᠢᠬᠠᠨ | ᠪᠣᠳᠠᠳᠠᠢ ᠪᠠᠷ ᠦᠢᠯᠡᠴᠢᠯᠡᠵᠤ ᠪᠠᠶᠢᠨ᠎ᠠ ᠭᠡᠵᠤ ᠪᠣᠳᠣᠵᠤ ᠪᠠᠶᠢᠨ᠎ᠠ᠃ ᠮᠠᠨ ᠤ ᠵᠠᠯᠠᠭᠤᠴᠤᠳ ᠭᠠᠳᠠᠭᠰᠢ ᠭᠠᠷᠴᠤ | ᠠᠵᠢᠯ ᠤᠨ ᠶᠠᠭᠠᠷᠠᠤ ᠠᠴᠠ ᠪᠠᠶᠢᠴᠠᠭᠠᠵᠤ ᠳᠡᠶᠢᠯᠬᠦ ᠦᠭᠡᠢ᠂ ᠨᠠᠰᠤᠲᠠᠶᠢᠴᠤᠳ ᠪᠣᠯ ᠨᠡᠩ ᠬᠡᠯᠡᠬᠦ ᠶᠢᠨ ᠠᠷᠭ᠎ᠠ ᠦᠭᠡᠢ᠂ | ᠲᠡᠭᠡᠪᠡᠯ ᠡᠨᠡ ᠤᠳᠠᠭᠠᠨ ᠤ ᠠᠵᠢᠯᠯᠠᠭ᠎ᠠ ᠪᠣᠯ ᠰᠢᠭᠤᠳ ᠮᠠᠰᠢᠨ ᠲᠡᠷᠭᠡ ᠪᠠᠷ ᠡᠭᠦᠳᠡᠨ ᠳᠡᠭᠡᠷ᠎ᠡ ᠠᠴᠠ ᠲᠤᠰᠴᠤ | ᠠᠪᠴᠢᠷᠠᠨ ᠪᠠᠶᠢᠴᠠᠭᠠᠯᠲᠠ ᠬᠢᠵᠦ ᠮᠠᠰᠢ ᠰᠠᠶᠢᠬᠠᠨ ᠦᠢᠯᠡᠴᠢᠯᠡᠵᠤ ᠪᠠᠶᠢᠨ᠎ᠠ︾ ᠭᠡᠪᠡ᠃ | | | | | | | ᠣᠶᠢᠷ᠎ᠠ ᠶᠢᠨ ᠡᠳᠦᠷ᠂ ᠰᠢᠷᠬᠤᠰᠤᠨ ᠪᠠᠯᠭᠠᠰᠤᠨ ᠤ ᠰᠢᠷᠬᠤᠰᠤ ᠲᠣᠰᠬᠤᠨ ᠤ 16 ᠺᠢᠯᠣᠮᠧᠲᠷ ᠤᠨ ᠤᠷᠲᠤ | ᠵᠠᠰᠠᠮᠠᠯ ᠵᠠᠮ ᠢ ᠥᠷᠭᠡᠳᠭᠡᠨ ᠵᠠᠰᠠᠵᠤ ᠪᠠᠶᠢᠯ᠎ᠠ᠂ ᠭᠠᠵᠠᠷ ᠤᠨ ᠪᠠᠶᠢᠴᠠ ᠶᠢᠨ ᠰᠢᠯᠲᠠᠭᠠᠨ ᠠᠴᠠ ᠪᠣᠯᠵᠤ ᠮᠤᠷᠤᠶ ᠵᠠᠮ | ᠤᠯᠠᠨ ᠲᠡᠭᠡᠷ᠎ᠡ ᠪᠠᠨ ᠪᠠᠰᠠ ᠨᠠᠷᠢᠬᠠᠨ ᠪᠣᠯᠬᠤᠷ ᠠᠮᠤᠷ ᠲᠦᠪᠰᠢᠨ ᠤ ᠬᠡᠮ ᠰᠣᠭᠤᠭ ᠥᠷᠭᠦᠯᠵᠢ ᠶᠢᠨ ᠴᠢᠨᠠᠷᠳᠠᠢ | ᠣᠷᠣᠰᠢᠵᠤ ᠪᠠᠶᠢᠳᠠᠭ᠃ ᠡᠨᠡᠬᠦ ᠰᠢᠯᠳᠠᠭᠠᠨ ᠢᠶᠠᠷ ᠲᠤᠰ ᠲᠤᠰᠬᠤᠨ ᠤ ᠲᠠᠷᠢᠶᠠᠴᠢᠳ ᠤᠨ ᠲᠠᠷᠢᠶᠠᠯᠠᠩ ᠤᠨ | ᠪᠦᠳᠦᠬᠡᠭᠳᠡᠬᠦᠨ ᠤ ᠪᠤᠷᠤᠯᠠᠭᠤᠯᠭ᠎ᠠ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠴᠤ ᠨᠡᠯᠢᠶᠡᠳ | ᠨᠥᠯᠥᠭᠡᠯᠡᠭᠳᠡᠵᠤ ᠪᠠᠶᠢᠵᠠᠢ᠃ ᠦᠨᠦ ᠵᠢᠯ ᠤᠨ ᠡᠬᠢᠨ ᠢᠶᠠᠷ ᠬᠤᠯᠪᠤᠭᠳᠠᠯ ᠪᠦᠬᠦᠢ ᠡᠯ᠎ᠡ ᠪᠠᠶᠢᠭᠤᠯᠭ᠎ᠠ ᠨᠢᠭᠡᠴᠢ ᠶᠢᠨ | ᠬᠢᠨ ᠤᠯᠠᠨᠳᠠ ᠪᠠᠶᠢᠴᠠᠭᠠᠨ ᠰᠤᠳᠤᠯᠤᠯᠲᠠ ᠬᠢᠵᠦ ᠦᠷᠭᠡᠨ ᠳᠡᠯᠭᠡᠷ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ | ᠰᠢᠷᠬᠤᠰᠤ ᠲᠣᠰᠬᠤᠨ ᠤ ᠵᠠᠰᠠᠮᠠᠯ ᠵᠠᠮ ᠢ ᠦᠷᠭᠡᠳᠭᠡᠨ ᠵᠠᠰᠠᠬᠤ ᠢᠨᠵᠧᠨᠧᠷᠢᠩ ᠢ ᠠᠷᠠᠳ ᠤᠨ ᠠᠮᠢᠳᠤᠷᠠᠯ ᠤᠨ | ᠪᠤᠳᠠᠳᠤ ᠶᠠᠪᠤᠳᠠᠯ ᠤᠨ ᠲᠦᠷᠦᠯ ᠵᠦᠢᠯ ᠳᠤ ᠤᠷᠤᠭᠤᠯᠵᠦ ᠬᠤᠰᠢᠭᠤ ᠱᠠᠲᠤᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠢᠶᠠᠷ ᠪᠠᠲᠤᠯᠠᠭᠤᠯᠤᠨ ᠵᠦᠪᠰᠢᠶᠡᠷᠡᠬᠦᠯᠣᠬᠡᠳ ᠬᠡᠷᠡᠭᠵᠢᠬᠦᠯᠦᠭᠰᠡᠨ ᠪᠠᠶᠢᠨ᠎ᠠ᠃ | ᠰᠢᠷᠬᠤᠰᠤ ᠲᠣᠰᠬᠤᠨ ᠤ ᠲᠠᠷᠢᠶᠠᠴᠢᠨ ᠹᠧᠩ ᠳ᠋ᠢᠶᠠᠨ ᠶᠧ᠄ ︽ᠤᠤᠯ ᠨᠢ ᠡᠨᠡ ᠵᠠᠮ ᠳᠤ ᠠᠳᠡᠯ ᠠᠷᠪᠢᠨ | ᠭᠠᠷᠳᠠᠭ᠃ ᠬᠤᠵᠢᠮ ᠵᠠᠮ ᠥᠷᠭᠡᠵᠢᠪᠡᠯ ᠡᠯ᠎ᠡ ᠵᠦᠢᠯ ᠤᠨ ᠲᠡᠷᠭᠡ ᠮᠠᠰᠢᠨ ᠪᠦᠷ ᠣᠷᠣᠵᠤ ᠢᠷᠡᠵᠦ ᠴᠢᠳᠠᠬᠤ | ᠮᠥᠷᠲᠡᠭᠡᠨ ᠲᠤᠲᠤᠷᠭ᠎ᠠ᠂ ᠡᠷᠳᠡᠨᠢ ᠰᠢᠰᠢ ᠬᠤᠳᠠᠯᠳᠤᠬᠤ ᠳᠤ ᠴᠤ ᠲᠦᠬᠦᠮ ᠪᠣᠯᠵᠤ ᠮᠠᠨ ᠤ ᠤᠯᠠᠨ ᠲᠦᠮᠡᠨ ᠳᠤ | ᠰᠠᠶᠢᠨ ᠶᠠᠪᠤᠳᠠᠯ ᠬᠢᠵᠦ ᠥᠭᠴᠡᠶ︾ ᠭᠡᠵᠦ ᠪᠠᠶᠢᠪᠠ᠃ | ᠮᠠᠨ ᠤ ᠬᠤᠰᠢᠭᠤ ᠡᠨᠡ ᠵᠢᠯ ᠠᠩᠬ᠎ᠠ ᠤᠳᠠᠭ᠎ᠠ ᠠᠷᠠᠳ ᠤᠨ ᠠᠮᠢᠳᠤᠷᠠᠯ ᠤᠨ ᠲᠥᠷᠥᠯ ᠵᠥᠢᠯ ᠢ ᠪᠢᠯᠧᠲ | ᠥᠭᠴᠤ ᠲᠤᠭᠲᠠᠭᠠᠬᠤ ᠳᠦᠷᠢᠮ ᠢ ᠬᠡᠷᠡᠭᠵᠢᠭᠦᠯᠵᠦ ᠠᠷᠠᠳ ᠤᠨ ᠲᠥᠯᠥᠭᠡᠯᠡᠭᠴᠢ ᠬᠢᠨᠠᠨ ᠲᠤᠭᠳᠠᠭᠠᠬᠤ᠂ ᠵᠠᠰᠠᠭ ᠤᠨ | ᠣᠷᠳᠣᠨ ᠳᠣᠭᠠᠴᠠᠭ᠎ᠠ ᠬᠢᠬᠦ᠂ ᠣᠯᠠᠨ ᠲᠦᠮᠡᠨ ᠠᠰᠢᠭ ᠬᠦᠷᠲᠡᠬᠦ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠤᠨ | ᠠᠷᠪᠠᠨ ᠲᠦᠷᠥᠯ ᠤᠨ ᠠᠷᠠᠳ ᠤᠨ ᠠᠮᠢᠳᠣᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠢ ᠲᠦᠯᠬᠢᠨ ᠠᠬᠢᠭᠤᠯᠵᠤ | ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠭᠠᠷᠤᠢ ᠲᠥᠭᠦᠷᠢᠭ ᠪᠣᠯᠣᠨ᠎ᠠ᠃ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠨᠠᠰᠤᠨᠵᠢᠶᠠᠭᠠ᠄ ︽ᠮᠠᠨ ᠤ | ᠬᠤᠰᠢᠭᠤᠨ ᠤ ᠠᠷᠪᠠᠨ ᠲᠥᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯ | ᠣᠯᠠᠨ ᠲᠦᠮᠡᠨ ᠤ ᠠᠰᠢᠭ ᠲᠤᠰᠠ ᠲᠠᠢ ᠪᠦᠷ ᠨᠢᠭᠲᠠ ᠬᠠᠷᠢᠴᠠᠭ᠎ᠠ ᠬᠤᠯᠪᠣᠭ᠎ᠠ ᠲᠠᠢ ᠠᠵᠢᠯ ᠪᠣᠯᠣᠨ᠎ᠠ᠃ | ᠣᠶᠢᠷ᠎ᠠ ᠶᠢᠨ ᠬᠤᠭᠤᠴᠠᠭᠠᠨ ᠳᠤ ᠪᠢᠳᠠ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠡᠭᠦᠷᠭᠡ ᠴᠢᠳᠠᠯ ᠢ ᠨᠢ | ᠦᠨᠳᠦᠰᠦᠯᠡᠵᠦ ᠪᠠᠶᠢᠭᠠᠳ ᠡᠨᠡ ᠠᠷᠪᠠᠨ ᠲᠥᠷᠥᠯ ᠤᠨ ᠠᠵᠢᠯ ᠤᠨ ᠡᠭᠦᠷᠭᠡ ᠶᠢ ᠡᠯ᠎ᠡ ᠪᠠᠶᠢᠭᠤᠯᠭ᠎ᠠ ᠨᠢᠭᠡᠴᠢ ᠳᠤ | ᠬᠤᠪᠢᠶᠠᠨ ᠥᠭᠴᠦ ᠨᠠᠶᠢᠳᠠᠪᠤᠷᠢᠵᠢᠭᠤᠯᠤᠭᠰᠠᠨ ᠪᠠᠶᠢᠨ᠎ᠠ︾ ᠭᠡᠪᠡ᠃ | | | | | | | |