ᠥᠤᠰᠢᠨ ᠬᠤᠰᠢᠭᠤᠨ ᠤ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠬᠢᠨ ᠵᠢᠭᠠᠨ  ᠰᠤᠷᠭᠠᠯᠳᠠ ᠶᠢᠨ ᠡᠬᠢ ᠰᠤᠷᠪᠤᠯᠵᠢ ᠶᠢᠨ ᠬᠥᠮᠥᠷᠬᠡ ᠪᠠᠶᠢᠭᠤᠯᠬᠤ ᠳᠤᠰᠬᠠᠢ ᠪᠤᠯᠪᠠᠰᠤᠷᠠᠯ ᠬᠢᠪᠡ
ᠨᠡᠶᠢᠲᠡᠯᠡᠭᠰᠡᠨ ᠴᠠᠭ᠄
2020-06-29
    ᠥᠢᠷ᠎ᠠ ᠳᠤ᠂ ᠥᠤᠰᠢᠨ ᠬᠤᠰᠢᠭᠤᠨ ᠤ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠬᠢᠨ ᠤᠷᠬᠤᠨ ᠮᠠᠨᠳᠠᠯ ᠺᠤᠮᠫᠠᠨᠢ ᠶᠢᠨ ᠮᠡᠷᠬᠡᠵᠢᠯᠳᠡᠨ ᠢ ᠤᠷᠢᠵᠤ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠᠭᠰᠢ ᠨᠠᠷ ᠲᠠᠭᠠᠨ ᠵᠢᠭᠠᠨ ᠰᠤᠷᠭᠠᠯᠳᠠ ᠶᠢᠨ ᠡᠬᠢ ᠪᠠᠶᠠᠯᠢᠭ ᠤᠨ ᠬᠥᠮᠥᠷᠬᠡ ᠶᠢ ᠪᠠᠶᠢᠭᠤᠯᠬᠤ ᠳᠤᠰᠬᠠᠢ ᠪᠤᠯᠪᠠᠰᠤᠷᠠᠯ ᠬᠢᠵᠡᠢ᠃     ᠳᠤᠰ ᠤᠳᠠᠭᠠᠨ ᠤ ᠪᠤᠯᠪᠠᠰᠤᠷᠠᠯ ᠨᠢ 2 ᠡᠳᠥᠷ ᠤᠨ ᠬᠤᠭᠤᠴᠠᠭ᠎ᠠ ᠲᠠᠢ ᠶᠠᠪᠤᠭᠳᠠᠨ᠂ ᠪᠠᠭᠰᠢ ᠨᠠᠷ ᠢᠳᠡᠪᠬᠢᠲᠠᠢ ᠤᠷᠤᠯᠴᠠᠵᠤ ᠵᠢᠭᠠᠨ ᠰᠤᠷᠭᠠᠯᠳᠠ ᠶᠢᠨ ᠡᠬᠢ ᠪᠠᠶᠠᠯᠢᠭ ᠤᠨ ᠬᠥᠮᠥᠷᠬᠡ ᠪᠠᠶᠢᠭᠤᠯᠬᠤ ᠳᠤ ᠴᠢᠬᠤᠯᠠ ᠴᠢᠨᠠᠷ ᠤᠨ ᠳᠤᠬᠠᠢ ᠨᠡᠩ ᠬᠥᠨᠵᠡᠬᠡᠢ ᠳᠠᠨᠢᠯᠳᠠ ᠲᠠᠢ ᠪᠤᠯᠵᠠᠢ᠃ ᠲᠤᠰ ᠤᠳᠠᠭᠠᠨ ᠤ ᠪᠤᠯᠪᠠᠰᠤᠷᠠᠯ ᠨᠢ ᠪᠠᠭᠰᠢ ᠨᠠᠷ ᠲᠤ ᠬᠠᠷᠢᠯᠴᠠᠨ ᠶᠠᠷᠢᠯᠴᠠᠬᠤ᠂ ᠬᠠᠷᠢᠯᠴᠠᠨ ᠬᠤᠪᠢᠶᠠᠯᠴᠠᠬᠤ᠂ ᠬᠠᠷᠢᠯᠴᠠᠨ ᠰᠤᠷᠤᠯᠴᠠᠬᠤ ᠤᠷᠤᠨ ᠵᠠᠢ ᠶᠢ ᠬᠠᠨᠭ᠍ᠭᠠᠬᠤ ᠶᠢᠨ ᠬᠠᠮᠳᠤ ᠰᠤᠷᠤᠭᠴᠢᠳ ᠬᠤᠶᠢᠰᠢᠳᠠ ᠳᠤᠰ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠠᠰᠢᠭᠯᠠᠨ ᠰᠥᠯᠵᠢᠶᠠᠨ ᠳᠡᠬᠡᠷ᠎ᠠ ᠰᠤᠷᠤᠯᠴᠠᠬᠤ ᠪᠤᠶᠤ ᠰᠤᠷᠤᠯᠴᠠᠯᠭ᠎ᠠ ᠶᠢᠨ ᠳᠤᠮᠳᠠᠬᠢ ᠬᠡᠷᠡᠭᠴᠡᠭᠡ ᠲᠠᠢ ᠵᠥᠢᠯ ᠢᠶᠠᠨ ᠪᠠᠭᠤᠯᠭᠠᠨ ᠠᠪᠴᠤ ᠠᠰᠢᠭᠯᠠᠬᠤ᠂ ᠪᠤᠰᠤᠳ ᠲᠤ ᠳᠠᠮᠵᠢᠭᠤᠯᠤᠨ ᠳᠠᠷᠬᠠᠭᠠᠬᠤ ᠪᠠ ᠤᠯᠠᠨ ᠵᠥᠢᠯ ᠤᠨ ᠴᠢᠳᠠᠮᠵᠢ ᠪᠠᠷ ᠴᠢᠯᠥᠬᠡᠲᠠᠢ ᠰᠤᠷᠤᠯᠴᠠᠬᠤ ᠳᠤ ᠳᠤᠰᠠ ᠪᠤᠯᠵᠤ᠂ ᠰᠤᠷᠭᠠᠨ ᠬᠥᠮᠥᠵᠢᠯ ᠢ ᠤᠯᠠᠮ ᠨᠢᠬᠡ ᠠᠯᠬᠤᠮ ᠰᠢᠰᠲ᠋ᠧᠮᠵᠢᠬᠦᠯᠬᠦ ᠳᠤ ᠰᠠᠭᠤᠷᠢ ᠶᠢ ᠳᠠᠯᠪᠢᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号