ᠦᠤᠰᠢᠨ ᠬᠤᠰᠢᠭᠤᠨ ᠤ ︽ᠠᠯᠳᠠᠨ ᠱᠠᠭ᠎ᠠ︾ ᠮᠦᠩᠭᠦᠨ ᠤ ᠲᠡᠯᠭᠡᠬᠦᠷ ᠨᠢ ᠤᠷᠳᠤᠰ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠲᠤ ᠰᠤᠷᠭᠠᠭᠤᠯᠢ ᠳᠤ ᠨᠤᠮ ᠤᠨ ᠬᠠᠨᠳᠢᠪ ᠡᠷᠬᠦᠯ᠎ᠡ
ᠨᠡᠶᠢᠲᠡᠯᠡᠭᠰᠡᠨ ᠴᠠᠭ᠄
2020-06-29
    ᠤᠶᠢᠷ᠎ᠠ ᠳᠤ᠂ ᠦᠤᠰᠢᠨ ᠬᠤᠰᠢᠭᠤᠨ ᠤ ︽ᠠᠯᠳᠠᠨ ᠱᠠᠭ᠎ᠠ︾ ᠮᠦᠩᠭᠦᠨ ᠤ ᠲᠡᠯᠭᠡᠬᠦᠷ ᠨᠢ ᠤᠷᠳᠤᠰ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠲᠤ ᠰᠤᠷᠭᠠᠭᠤᠯᠢ ᠳᠤ ᠨᠤᠮ ᠤᠨ ᠬᠠᠨᠳᠢᠪ ᠡᠷᠬᠦᠵᠦ ᠵᠠᠯᠠᠭᠤ ᠪᠠᠭᠠᠴᠤᠳ  ᠲᠤ ᠨᠤᠮ ᠤᠩᠰᠢᠬᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠬᠦᠯᠦᠨ ᠨᠤᠮ ᠤᠩᠰᠢᠨ ᠮᠡᠳᠡᠯᠬᠡ ᠬᠤᠷᠠᠮᠳᠤᠭᠤᠯᠵᠦ ᠴᠠᠭ ᠦᠶ᠎ᠡ ᠲᠠᠢ ᠵᠡᠷᠭᠡᠴᠡᠨ ᠤᠷᠤᠭᠰᠢᠯᠠᠬᠤ᠂ ᠴᠢᠳᠠᠪᠤᠷᠢᠳᠠᠨ ᠪᠤᠯᠵᠤ ᠬᠦᠮᠦᠵᠢᠭᠳᠡᠬᠦ ᠤᠶᠤᠨ ᠲᠠᠮᠢᠷ ᠢ ᠨᠢ ᠲᠠᠶᠢᠴᠢᠯᠠᠯ᠎ᠠ᠃
     ᠦᠨᠳᠦᠰᠦᠳᠡᠨ ᠤ ᠪᠠᠨ ᠦᠪ ᠰᠤᠶᠤᠯ ᠳᠤ ᠬᠠᠶᠢᠷᠠᠳᠠᠢ ︽ᠠᠯᠳᠠᠨ ᠱᠠᠭ᠎ᠠ︾ ᠮᠦᠩᠭᠦᠨ ᠤ ᠲᠡᠯᠭᠡᠬᠦᠷ ᠤᠨ ᠦᠤᠰᠢᠨ  ᠳᠠᠬᠢ ᠰᠠᠯᠪᠤᠷᠢ ᠲᠡᠯᠬᠡᠬᠦᠷ ᠤᠨ ᠬᠢᠨ ᠵᠠᠯᠠᠭᠤ ᠪᠠᠭᠠᠴᠤᠳ ᠲᠤ 3000 ᠭᠠᠷᠤᠢ ᠲᠦᠬᠦᠷᠢᠭ ᠤᠨ ᠦᠷᠳᠡᠭ ᠪᠦᠬᠦᠢ 96 ᠲᠡᠪᠳᠡᠷ ︽ᠴᠢᠩᠬᠢᠰ ᠬᠠᠭᠠᠨ︾ ᠨᠤᠮ ᠢ ᠬᠠᠨᠳᠢᠪᠯᠠᠭᠰᠠᠨ ᠪᠠᠶᠢᠨ᠎ᠠ᠃      ᠤᠷᠳᠤᠰ ᠬᠤᠲᠠ ᠶᠢᠨ ᠮᠤᠩᠭᠤᠯ ᠦᠨᠳᠣᠰᠣᠳᠠᠨ ᠤ ᠬᠤᠶᠠᠳᠤᠭᠠᠷ ᠲᠤᠮᠳᠠᠲᠤ ᠰᠤᠷᠭᠠᠭᠤᠯᠢ ᠶᠢᠨ ᠲᠡᠳ᠋ ᠵᠠᠬᠢᠷᠤᠯ ᠬᠠᠰᠪᠠᠶᠠᠷ᠄ ︽ᠲᠤᠰ  ᠠᠵᠢᠯᠯᠠᠭ᠎ᠠ ᠪᠠᠷ ᠲᠠᠮᠵᠢᠭᠠᠳ ᠮᠠᠨ ᠤ ᠬᠡᠤᠭᠡᠳ ᠤᠳ ᠶᠡᠬᠡᠬᠡᠨ ᠠᠰᠢᠭ ᠲᠤᠰᠠ ᠬᠦᠷᠳᠡᠬᠦ ᠶᠤᠮ᠃ ᠮᠠᠨ ᠤ ᠰᠤᠷᠭᠠᠭᠤᠯᠢ ᠨᠢ ᠠᠩᠬᠢ ᠪᠤᠯᠭᠠᠨ ᠭᠠᠷᠠᠭ ᠪᠦᠷᠢ ᠨᠤᠮ ᠤᠩᠰᠢᠬᠤ ᠲᠤᠰᠬᠠᠢ ᠬᠢᠴᠢᠶᠡᠯ ᠲᠤᠬᠢᠷᠠᠭᠤᠯᠳᠠᠭ᠃ ᠮᠠᠨ ᠤ ᠰᠤᠷᠭᠠᠭᠤᠯᠢ ᠳᠤ ᠢᠩᠬᠢᠵᠦ ᠮᠤᠩᠭᠤᠯ ᠨᠤᠮ ᠬᠦᠷᠭᠡᠭᠰᠡᠨ ᠶᠠᠪᠤᠳᠠᠯ ᠨᠢ ᠮᠠᠨ ᠤ ᠰᠤᠷᠤᠭᠴᠢᠳ ᠤᠨ ᠤᠩᠰᠢᠯᠭ᠎ᠠ ᠳᠤ ᠶᠡᠭᠡ ᠲᠤᠰᠠᠲᠠᠢ ᠶᠤᠮ︾ ᠬᠡᠵᠦ ᠪᠠᠶᠢᠪᠠ᠃
     ᠦᠤᠰᠢᠨ ᠬᠤᠰᠢᠭᠤᠨ ᠤ ︽ᠠᠯᠳᠠᠨ ᠱᠠᠭ᠎ᠠ︾ ᠮᠦᠩᠭᠦᠨ ᠤ ᠲᠡᠯᠭᠡᠬᠦᠷ ᠨᠢ 2008 ᠤᠨ ᠳᠤ ᠠᠩᠬ᠎ᠠ ᠪᠠᠶᠢᠭᠤᠯᠤᠭᠳᠠᠵᠤ 12 ᠵᠢᠯ ᠤᠨ ᠠᠷᠠᠯᠵᠢᠶᠠᠨ ᠤ ᠲᠡᠤᠬᠡ ᠲᠠᠢ᠂ ᠤᠳᠤᠬᠠᠨ ᠪᠤᠯᠬᠤ ᠳᠤ ᠪᠦᠬᠦ ᠤᠷᠳᠤᠰ ᠤᠨ ᠬᠡᠪᠴᠢᠶᠡᠨ  ᠳᠤ 9 ᠰᠠᠯᠪᠤᠷᠢ ᠲᠡᠯᠭᠡᠬᠦᠷ ᠲᠠᠢ ᠪᠠᠶᠢᠵᠤ ᠭᠤᠤᠯᠳᠠᠭᠤ ᠦᠨᠳᠦᠰᠦᠲᠡᠨ ᠤ ᠡᠳ᠋ᠯᠡᠯ ᠬᠡᠷᠡᠭᠰᠡᠯ ᠵᠢᠴᠢ ᠵᠡᠬᠦᠬᠡ ᠵᠠᠰᠠᠯ ᠢ ᠦᠪᠡᠷᠳᠡᠭᠡᠨ  ᠤᠷᠠᠯᠠᠨ ᠬᠢᠵᠦ ᠪᠤᠷᠤᠯᠠᠭᠤᠯᠵᠤ ᠪᠠᠶᠢᠭ᠎ᠠ ᠶᠤᠮ᠃ ︽ᠠᠯᠳᠠᠨ ᠱᠠᠭ᠎ᠠ︾ ᠮᠦᠩᠭᠦᠨ ᠤ ᠲᠡᠯᠬᠡᠬᠦᠷ ᠪᠠᠶᠢᠭᠤᠯᠤᠭᠳᠠᠭᠰᠠᠨ ᠲᠡᠷᠡ ᠵᠢᠯ ᠲᠡᠯᠬᠡᠬᠦᠷ ᠤᠨ ᠬᠢᠨ ᠤᠯᠠᠭᠠᠠᠴᠠᠪ ᠤᠨ ᠨᠢᠬᠡ ᠤᠶᠤᠳᠠᠨ ᠵᠠᠯᠠᠭᠤ ᠶᠢᠨ ᠭᠤᠷᠪᠠᠨ ᠵᠢᠯ ᠤᠨ ᠰᠤᠷᠤᠯᠭ᠎ᠠ ᠶᠢᠨ ᠰᠦᠢᠳᠬᠡᠯ ᠢ ᠨᠢ ᠣᠷᠣᠯᠠᠨ ᠲᠤᠰᠢᠶᠠᠵᠦ ᠶᠡᠭᠡ ᠰᠤᠷᠭᠠᠭᠤᠯᠢ ᠲᠡᠭᠦᠰᠭᠡᠭᠰᠡᠨ᠂ ᠨᠤᠳᠤᠭ ᠤᠨ ᠢᠶᠠᠨ ᠤᠯᠠᠨ ᠵᠡᠮᠳᠡᠭᠴᠤᠳ ᠢ ᠲᠠᠶᠢᠴᠢᠯᠠᠨ ᠠᠵᠢᠯ ᠤᠯᠭᠤᠭᠰᠠᠨ ᠵᠡᠷᠭᠡ ᠪᠤᠶᠠᠨᠰᠠᠭ ᠦᠢᠯᠡ ᠳᠤ ᠤᠷᠤᠯᠴᠠᠭᠰᠠᠭᠠᠷ ᠢᠷᠡᠭᠰᠡᠨ ᠶᠤᠮ᠃
     ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ︽ᠠᠯᠳᠠᠨ ᠱᠠᠭ᠎ᠠ︾ ᠮᠦᠩᠭᠦᠨ ᠤ ᠲᠡᠯᠭᠡᠬᠦᠷ ᠠᠰᠢᠭ ᠤᠷᠤᠯᠭ᠎ᠠ  ᠶᠢᠨ ᠪᠠᠶᠢᠳᠠᠯ ᠢᠶᠠᠨ ᠦᠨᠳᠦᠰᠦᠯᠡᠵᠦ ᠪᠠᠶᠢᠭᠠᠳ ᠤᠷᠳᠤᠰ ᠤᠨ ᠲᠤᠯᠤᠭᠠᠨ ᠬᠤᠰᠢᠭᠤᠨ ᠳᠤ ᠲᠤᠰ ᠲᠤᠰ ᠨᠢᠬᠡ ᠬᠦᠴᠢᠷᠳᠡᠯᠳᠡᠢ ᠰᠤᠷᠤᠭᠴᠢ ᠶᠢᠨ 6 ᠵᠢᠯ ᠤᠨ ᠰᠤᠷᠤᠯᠭ᠎ᠠ ᠶᠢᠨ ᠰᠦᠢᠳᠭᠡᠯ ᠢ ᠨᠢ ᠲᠠᠭᠠᠭᠠᠨ ᠠᠪᠴᠤ ᠠᠮᠢᠳᠤᠷᠠᠯ ᠰᠤᠷᠤᠯᠭ᠎ᠠ  ᠳᠤ ᠨᠢ ᠲᠤᠰᠠ ᠲᠡᠮ ᠪᠤᠯᠬᠤ ᠪᠠᠷ ᠲᠦᠯᠦᠪᠯᠡᠵᠦ ᠪᠤᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号