ᠦᠶᠡᠷ ᠤᠰᠤᠳᠤᠯ ᠤᠨ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ | ᠠᠶᠤᠯ ᠠᠴᠠ ᠠᠪᠤᠷᠠᠵᠤ ᠲᠤᠰᠠᠯᠠᠬᠤ ᠶᠢ ᠪᠦᠬᠦ ᠬᠦᠴᠦ ᠪᠠᠷ ᠢᠶᠠᠨ ᠰᠠᠶᠢᠳᠤᠷ ᠬᠢᠵᠤ ᠠᠷᠠᠳ ᠲᠦᠮᠡᠨ ᠢ ᠳᠡᠭᠡᠳᠦᠯᠡᠬᠦ | ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ | ᠪᠠᠶᠢᠷᠢᠨ ᠳᠤ ᠲᠠᠯᠪᠢᠬᠤ ᠶᠢ ᠦᠨᠡᠨ ᠬᠦ ᠪᠠᠲᠤᠯᠠᠬᠤ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ | ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ | ᠠᠵᠢᠯ ᠳᠤ ᠴᠢᠬᠤᠯᠠ ᠵᠢᠭᠠᠪᠤᠷᠢ ᠦᠭᠴᠠᠢ᠃ | ᠰᠢ ᠶᠢᠨ ᠫᠢᠩ᠂ 6 ᠰᠠᠷ᠎ᠠ ᠠᠴᠠ ᠨᠠᠭᠠᠰᠢ᠂ ᠮᠠᠨ ᠤ ᠤᠯᠤᠰ ᠤᠨ ᠵᠢᠶᠠᠩᠨᠠᠨ ᠤᠷᠤᠨ᠂ ᠡᠮᠦᠨᠡᠳᠤ ᠤᠷᠤᠨ᠂ | ᠪᠠᠷᠠᠭᠤᠨ ᠡᠮᠦᠨᠡᠳᠤ ᠤᠷᠤᠨ ᠳᠤ ᠰᠢᠷᠦᠭᠦᠨ ᠪᠤᠷᠤᠭᠠᠨ ᠢᠯᠡᠳᠳᠡ ᠨᠡᠮᠡᠭᠳᠡᠵᠤ᠂ ᠤᠯᠠᠨ ᠭᠠᠵᠠᠷ ᠲᠤ ᠦᠶᠡᠷ | ᠤᠰᠤᠳᠤᠯ ᠤᠨ ᠭᠠᠵᠠᠷ ᠤᠨ ᠭᠠᠮᠰᠢᠭ ᠡᠭᠦᠰᠴᠠᠢ᠂ ᠡᠯ᠎ᠠ ᠭᠠᠵᠠᠷ ᠤᠷᠤᠨ ᠡᠯ᠎ᠠ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠬᠢᠨ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ | ᠲᠤᠭᠤᠰᠢᠯᠠᠭᠤᠯᠵᠤ᠂ ᠦᠶᠡᠷ ᠤᠰᠤᠳᠤᠯ ᠤᠨ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠨ ᠠᠶᠤᠯ ᠠᠴᠠ ᠠᠪᠤᠷᠠᠵᠤ ᠲᠤᠰᠠᠯᠠᠬᠤ ᠵᠡᠷᠭᠡ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠤ᠂ | ᠭᠠᠮᠰᠢᠭ ᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠠᠵᠢᠯ ᠢᠳᠡᠪᠬᠢᠳᠠᠢ ᠦᠷ᠎ᠠ ᠪᠦᠲᠦᠮᠵᠢ ᠤᠯᠵᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠤᠳᠤᠬᠠᠨ ᠳᠤ ᠮᠠᠨ ᠤ ᠤᠯᠤᠰ ᠤᠨ ᠤᠯᠠᠩᠬᠢ ᠭᠠᠵᠠᠷ ᠦᠶᠡᠷ ᠤᠨ ᠬᠤᠭᠤᠴᠠᠭᠠᠨ ᠳᠤ | ᠤᠷᠤᠵᠤ᠂ ᠵᠠᠷᠢᠮ ᠭᠠᠵᠠᠷ ᠤᠨ ᠦᠶᠡᠷ ᠤᠨ ᠪᠠᠶᠢᠳᠠᠯ ᠬᠦᠨᠳᠤ ᠬᠡᠴᠡᠭᠦᠦ ᠪᠠᠶᠢᠵᠤ᠂ ᠤᠢᠢᠷ᠎ᠠ ᠶᠢᠨ ᠬᠤᠭᠤᠴᠠᠭᠠᠨ ᠳᠤ | ᠪᠠᠰᠠ ᠲᠠᠶᠢᠹᠧᠩ ᠰᠠᠯᠬᠢ ᠤᠯᠠᠨ ᠡᠭᠦᠰᠬᠦ ᠤᠯᠠᠷᠢᠯ ᠳᠤ ᠤᠷᠤᠬᠤ ᠪᠤᠯᠤᠨ᠎ᠠ᠃ ᠤᠯᠤᠰ ᠤᠨ ᠦᠶᠡᠷ ᠢ ᠰᠡᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠵᠡᠷᠭᠡ ᠰᠠᠯᠠᠭ᠎ᠠ ᠮᠦᠴᠢᠷ ᠤᠨ ᠬᠢᠨ ᠨᠢᠭᠡᠳᠦᠯᠳᠠᠢ | ᠲᠦᠯᠦᠪᠵᠢᠭᠦᠯᠦᠨ ᠵᠤᠬᠢᠴᠠᠭᠤᠯᠬᠤ ᠪᠠᠨ ᠴᠢᠩᠭᠠᠳᠬᠠᠵᠤ᠂ ᠬᠤᠯᠪᠤᠭᠳᠠᠯ ᠪᠦᠬᠦᠢ ᠭᠠᠵᠠᠷ ᠤᠷᠤᠨ ᠢ ᠵᠢᠯᠤᠭᠤᠳᠤᠨ | ᠦᠶᠡᠷ ᠢ ᠰᠡᠷᠭᠡᠶᠢᠯᠡᠬᠦ᠂ ᠲᠠᠶᠢᠹᠧᠩ ᠰᠠᠯᠬᠢ ᠶᠢ ᠰᠡᠷᠭᠡᠶᠢᠯᠡᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠳᠠᠢ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠡᠯ᠎ᠠ ᠭᠠᠵᠠᠷ ᠤᠷᠤᠨ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ | ᠬᠢᠵᠤ᠂ ᠬᠠᠷᠢᠭᠤᠴᠠᠯᠭ᠎ᠠ ᠶᠢᠨ ᠳᠦᠷᠢᠮ ᠢ ᠡᠷᠡᠰ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠵᠤ ᠤᠷᠢᠳᠴᠢᠯᠡᠨ | ᠪᠡᠯᠡᠳᠭᠡᠬᠦ ᠪᠤᠯᠤᠨ ᠪᠠᠴᠢᠮ ᠪᠠᠶᠢᠳᠠᠯ ᠢ ᠠᠷᠭᠠᠴᠠᠭᠠᠨ ᠭᠡᠨᠡᠳᠳᠡ ᠶᠢᠨ ᠬᠡᠷᠡᠭ ᠢ ᠰᠢᠢᠳᠪᠦᠷᠢᠯᠡᠬᠦ ᠶᠢ | ᠤᠶᠠᠯᠳᠤᠭᠤᠯᠬᠤ ᠶᠢ ᠪᠠᠷᠢᠮᠳᠠᠯᠠᠵᠤ᠂ ᠦᠶᠡᠷ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠠᠶᠤᠯ | ᠲᠦᠭᠰᠢᠭᠦᠷᠢ ᠭᠡᠮ ᠰᠤᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠶᠤᠯ ᠠᠴᠠ ᠠᠪᠤᠷᠠᠬᠤ ᠠᠵᠢᠯ ᠢ | ᠡᠷᠴᠢᠮᠳᠠᠢ ᠵᠤᠬᠢᠶᠠᠨ ᠪᠠᠶᠢᠭᠤᠯᠵᠤ᠂ ᠭᠠᠮᠰᠢᠭᠳᠠᠭᠰᠠᠨ ᠤᠯᠠᠨ ᠲᠦᠮᠡᠨ ᠢ ᠳᠤᠬᠢᠳᠠᠢ ᠲᠦᠪᠬᠢᠨᠡᠭᠦᠯᠵᠤ᠂ | ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠰᠠᠶᠢᠳᠤᠷ ᠬᠠᠮᠠᠭᠠᠯᠠᠵᠤ᠂ ᠠᠷᠠᠳ ᠲᠦᠮᠡᠨ ᠤ ᠠᠮᠢ ᠨᠠᠰᠤᠨ ᠤ | ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠦᠨᠡᠨ ᠬᠦ ᠪᠠᠳᠤᠯᠠᠬᠤ ᠶᠢ ᠪᠤᠳᠠᠳᠠᠢ ᠳᠤ ᠨᠠᠶᠢᠳᠠᠪᠤᠷᠢᠵᠢᠭᠤᠯᠬᠤ | ᠬᠡᠷᠡᠭᠳᠠᠢ ᠭᠡᠵᠤ ᠱᠠᠭᠠᠷᠳᠠᠵᠠᠢ᠃ | |