ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠠᠨᠵᠢᠩ ᠬᠤᠲᠠ ᠶᠢᠨ ᠨᠡᠷᠡᠲᠦ ᠡᠮᠨᠡᠯᠭᠡ‌‍ᠶᠢᠨ ᠬᠤᠷᠢᠶᠠᠨ ᠤ ᠰᠢᠩᠭᠡᠭᠡᠯᠲᠡ ᠶᠢᠨ ᠰᠠᠯᠠᠭᠠᠨ ᠤ ᠡᠷᠬᠢᠯᠡᠭᠴᠢ ᠡᠮᠴᠢ ᠼᠤᠤ ᠵᠢᠶᠦ᠋ᠨ ᠢ ᠤᠷᠢᠵᠤ ᠡᠮᠴᠢᠯᠡᠭᠡ ᠭᠢᠯᠭᠡᠪᠠ
ᠨᠡᠶᠢᠲᠡᠯᠡᠭᠰᠡᠨ ᠴᠠᠭ᠄
2020-06-04
     ᠤᠶᠢᠷ᠎ᠠ ᠶᠢᠨ ᠡᠳᠦᠷ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠠᠨᠵᠢᠩ ᠬᠤᠲᠠ ᠶᠢᠨ ᠨᠡᠷᠡᠲᠦ ᠡᠮᠨᠡᠯᠭᠡ ᠶᠢᠨ ᠬᠤᠷᠢᠶᠠᠨ ᠤ ᠰᠢᠩᠭᠡᠭᠡᠯᠲᠡ ᠶᠢᠨ ᠰᠠᠯᠠᠭᠠᠨ ᠤ ᠡᠷᠬᠢᠯᠡᠭᠴᠢ ᠡᠮᠴᠢ ᠼᠤᠤ ᠵᠢᠶᠦ᠋ᠨ ᠫᠷᠤᠹᠧᠰᠰᠤᠷ ᠢ ᠤᠷᠢᠵᠤ ᠬᠤᠳᠣᠭᠤᠳᠣ ᠭᠡᠳᠡᠰᠦᠨ ᠤ ᠲᠤᠷᠠᠨᠳᠠᠭᠤᠷ ᠪᠠᠶᠢᠴᠠᠭᠠᠯᠲᠠ ᠶᠢ ᠦᠷᠨᠢᠬᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠤᠯᠭ᠎ᠠ ᠭᠢᠯᠭᠡᠭᠰᠠᠨ ᠪᠠᠶᠢᠨ᠎ᠠ᠃
     ᠪᠠᠶᠢᠴᠠᠭᠠᠯᠳᠠ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠨ ᠼᠤᠤ ᠵᠢᠶᠦ᠋ᠨ ᠡᠮᠴᠢ ᠠᠴᠠ 41 ᠡᠪᠡᠳᠴᠢᠳᠠᠨ ᠳᠤ ᠬᠤᠳᠣᠭᠤᠳᠣ ᠭᠡᠳᠡᠰᠦᠨ ᠤ ᠲᠤᠷᠠᠨᠳᠠᠭᠤᠷ ᠪᠠᠶᠢᠴᠠᠭᠠᠯᠲᠠ ᠭᠢᠭᠰᠡᠨ ᠤ ᠬᠠᠮᠳᠤ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠭᠠᠳᠤ ᠲᠤᠷᠠᠨᠳᠠᠭᠤᠷ ᠤᠨ ᠰᠠᠯᠠᠭ᠎ᠠ ᠶᠢ ᠳᠠᠭᠠᠭᠤᠯᠤᠨ 16 ᠬᠦᠮᠦᠨ  ᠳᠤ ᠲᠤᠳᠤᠭᠠᠲᠤ ᠲᠤᠷᠠᠨᠳᠠᠭᠤᠷ ᠤᠨ ᠲᠤᠤᠷ᠎ᠠ ᠰᠠᠯᠢᠰᠤᠲᠤ ᠪᠦᠷᠬᠦᠪᠴᠢ ᠶᠢ ᠣᠭᠲᠣᠯᠵᠤ ᠠᠪᠬᠤ ᠮᠡᠰᠡ ᠵᠠᠰᠠᠯ ᠢ ᠬᠢᠵᠦ ᠮᠠᠨ ᠤ ᠬᠤᠰᠢᠭᠤᠨ ᠤ ᠣᠯᠠᠨ ᠲᠦᠮᠡᠨ ᠳᠤ ᠭᠤᠷᠪᠠᠲᠤᠭᠠᠷ ᠳᠡᠰ ᠤᠨ ᠬᠦᠬᠡ ᠵᠡᠷᠭᠡ ᠶᠢᠨ ᠡᠮᠨᠡᠯᠭᠡ ᠶᠢᠨ ᠬᠤᠷᠢᠶᠠᠨ ᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠪᠡ᠃      ᠣᠶᠢᠯᠠᠭᠠᠭᠰᠠᠨ ᠢᠶᠠᠷ᠂ ᠡᠨᠡ ᠪᠣᠯ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠨᠡᠷᠡᠲᠦ ᠡᠮᠴᠢ ᠨᠡᠷᠡᠲᠦ ᠱᠠᠪᠢ ᠲᠠᠭᠠᠭᠤᠯᠬᠤ︾ ᠬᠤᠯᠪᠣᠭᠠᠯᠠᠨ ᠬᠥᠳᠡᠯᠦᠯᠴᠡᠬᠦ ᠲᠥᠯᠥᠪᠯᠡᠭᠡ ᠶᠢᠨ ᠴᠢᠬᠤᠯᠠ ᠨᠢᠭᠡᠨ ᠠᠷᠭ᠎ᠠ ᠬᠡᠮᠵᠢᠶ᠎ᠡ ᠪᠠᠶᠢᠵᠤ ᠣᠳᠣᠬᠠᠨ ᠳᠤ ᠨᠢᠭᠡᠨᠲᠠ ᠰᠠᠷ᠎ᠠ ᠪᠦᠷᠢ ᠭᠤᠷᠪᠠᠲᠤᠭᠠᠷ ᠳᠡᠰ ᠤᠨ ᠬᠦᠬᠡ ᠵᠡᠷᠭᠡ ᠶᠢᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠡᠮᠴᠢᠯᠡᠬᠦᠯᠬᠦ᠂ ᠳᠠᠭᠠᠭᠤᠯᠤᠨ ᠵᠢᠭᠠᠬᠤ ᠪᠠᠶᠢᠩᠭᠤᠵᠢᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠪᠣᠯᠤᠨ ᠮᠡᠷᠭᠡᠵᠢᠯ ᠴᠠᠭᠠᠷᠠᠭᠰᠠᠨ ᠰᠠᠶᠢᠨ ᠡᠮᠴᠢ ᠶᠢ ᠬᠥᠮᠦᠵᠢᠭᠦᠯᠵᠤ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠬᠦᠯᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号