ᠮᠠᠨ ᠤ ᠬᠤᠰᠢᠭᠤᠨ ᠤ ᠡᠯ᠎ᠡ ᠬᠡᠦᠬᠡᠳ ᠤᠨ ᠴᠡᠴᠡᠷᠯᠢᠭ ᠬᠢᠴᠢᠶᠡᠯ ᠡᠬᠢᠯᠡᠯ᠎ᠡ
ᠨᠡᠶᠢᠲᠡᠯᠡᠭᠰᠡᠨ ᠴᠠᠭ᠄
2020-06-04
     6 ᠰᠠᠷ᠎ᠠ ᠶᠢᠨ 3 ᠤ ᠡᠳᠦᠷ᠂ ᠮᠠᠨ ᠤ ᠬᠤᠰᠢᠭᠤᠨ ᠤ ᠡᠯ᠎ᠡ ᠬᠡᠦᠬᠡᠳ ᠤᠨ ᠴᠡᠴᠡᠷᠯᠢᠭ ᠪᠡᠯᠡᠳᠬᠡᠯ ᠠᠵᠢᠯ ᠢᠶᠠᠨ ᠭᠦᠢᠴᠡᠳ ᠬᠢᠭᠰᠡᠨ ᠰᠠᠭᠤᠷᠢᠨ ᠳᠡᠭᠡᠷ᠎ᠡ ᠴᠢᠩᠭ᠎ᠠ ᠬᠢᠨᠠᠨ ᠰᠢᠯᠭᠠᠯᠲᠠ ᠪᠠᠶᠢᠴᠠᠭᠠᠯᠲᠠ ᠶᠢ ᠥᠩᠭᠡᠷᠡᠭᠦᠯᠦᠨ ᠬᠢᠷᠢ ᠲᠡᠩᠴᠡᠵᠦ  ᠬᠢᠴᠢᠶᠡᠯ ᠡᠬᠢᠯᠡᠨ ᠪᠢᠴᠢᠬᠠᠨ ᠬᠡᠤᠭᠡᠳ ᠤᠳ ᠢᠶᠠᠨ ᠤᠭᠲᠤᠨ ᠠᠪᠤᠯ᠎ᠠ᠃      ᠬᠤᠰᠢᠭᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠡᠭᠦᠳᠡᠨ ᠳᠡᠭᠡᠷ᠎ᠡ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠠᠮᠠᠪᠴᠢ ᠵᠡᠭᠦᠨ ᠮᠥᠷᠯᠡᠨ ᠵᠢᠭᠰᠠᠵᠤ ᠬᠡᠦᠬᠡᠳ ᠤᠳ ᠬᠠᠮᠤᠭ ᠲᠦᠷᠦᠭᠦᠨ ᠳᠤ ᠠᠦ᠋ᠲ᠋ᠤ᠋ ᠪᠡᠶ᠎ᠡ ᠶᠢᠨ ᠳᠤᠯᠠᠭᠠᠨ ᠢᠶᠠᠨ ᠬᠡᠮᠵᠢᠬᠦᠯᠵᠦ ᠲᠠᠬᠢᠨ ᠪᠠᠭᠰᠢ ᠶᠢᠨ ᠢᠶᠠᠨ ᠳᠡᠷᠭᠡᠳᠡ ᠪᠠᠰᠠ ᠨᠢᠭᠡ ᠤᠳᠠᠭ᠎ᠠ ᠪᠡᠶ᠎ᠡ ᠶᠢᠨ ᠳᠤᠯᠠᠭᠠᠨ  ᠢᠶᠠᠨ ᠬᠡᠮᠵᠢᠬᠦᠯᠦᠭᠰᠡᠨ ᠤ ᠳᠠᠷᠠᠭ᠎ᠠ ᠰᠤᠷᠭᠠᠭᠤᠯᠢ ᠶᠢᠨ ᠢᠶᠠᠨ ᠬᠦᠷᠢᠶᠡᠨ ᠳᠤ ᠣᠷᠣᠵᠤ ᠮᠥᠷᠯᠡᠨ ᠵᠢᠭᠰᠠᠯ᠎ᠠ᠃ ᠬᠡᠦᠬᠡᠳ ᠤᠳ ᠭᠡᠷ ᠲᠡᠭᠡᠨ ᠪᠡᠶ᠎ᠡ ᠶᠢᠨ ᠳᠤᠯᠠᠭᠠᠨ ᠬᠡᠮᠵᠢᠬᠦ᠂ ᠰᠤᠷᠭᠠᠭᠤᠯᠢ ᠶᠢᠨ ᠡᠭᠦᠳᠡᠨ ᠤ ᠠᠦ᠋ᠲ᠋ᠤ᠋ ᠳᠤᠯᠠᠭᠠᠨ ᠤ ᠬᠡᠮᠵᠢᠯᠲᠡ᠂ ᠠᠩᠭᠢ ᠶᠢᠨ ᠪᠠᠭᠰᠢ ᠶᠢᠨ ᠪᠡᠶ᠎ᠡ ᠶᠢᠨ ᠳᠤᠯᠠᠭᠠᠨ ᠤ ᠬᠡᠮᠵᠢᠯᠲᠡ᠂ ᠬᠢᠴᠢᠶᠡᠯᠯᠡᠬᠦ ᠠᠰᠠᠷ ᠤᠨ ᠡᠭᠦᠳᠡᠨ ᠤ ᠠᠦ᠋ᠲ᠋ᠤ᠋ ᠳᠤᠯᠠᠭᠠᠨ ᠤ ᠬᠡᠮᠵᠢᠯᠲᠡ ᠵᠡᠷᠭᠡ ᠳᠥᠷᠪᠡ ᠤᠳᠠᠭᠠᠨ ᠤ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠥᠩᠭᠡᠷᠡᠭᠡᠵᠦ ᠬᠢᠷᠢ ᠲᠡᠩᠴᠡᠮᠡᠨᠵᠢᠨ ᠰᠠᠶ᠋ᠢ ᠠᠩᠭᠢ  ᠳᠤ ᠪᠠᠨ ᠣᠷᠣᠵᠤ ᠬᠢᠴᠢᠶᠡᠯᠯᠡᠬᠦ ᠪᠣᠯᠣᠨ᠎ᠠ᠃      ᠬᠤᠰᠢᠭᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠳᠡᠳ᠋ ᠵᠠᠬᠢᠷᠤᠯ ᠴᠥᠨ ᠮᠧᠢ᠄ ︽ᠮᠠᠨ ᠤ ᠴᠡᠴᠡᠷᠯᠢᠭ ᠡᠬᠢᠯᠡᠬᠦ ᠠᠴᠠ ᠡᠮᠦᠨ᠎ᠡ ᠪᠠᠭᠰᠢ᠂ ᠭᠡᠷ ᠤᠨ ᠠᠬᠠᠮᠠᠳ ᠢ ᠸᠢᠴᠠᠲ ᠲᠠᠪᠴᠠᠩ ᠪᠤᠶᠤ ᠳ᠋ᠢᠩ ᠳ᠋ᠢᠩ ᠪᠦᠯᠦᠭᠯᠡᠯ ᠢᠶᠠᠷ ᠰᠡᠳᠬᠢᠴᠡ ᠶᠢᠨ ᠲᠤᠬᠠᠢ ᠪᠣᠯᠪᠠᠰᠤᠷᠠᠯ ᠬᠢᠭᠰᠡᠨ ᠪᠠᠶᠢᠨ᠎ᠠ᠃ ᠪᠦᠬᠦ ᠪᠠᠭᠰᠢ ᠠᠵᠢᠯᠲᠠᠨ ᠠᠴᠠ ᠬᠡᠦᠬᠡᠳ ᠤᠨ ᠡᠷᠡᠭᠦᠯ ᠡᠩᠬᠡ ᠶᠢᠨ ᠺᠠᠷᠲ ᠢ ᠪᠠᠶᠢᠭᠤᠯᠵᠦ ᠬᠡᠣᠭᠡᠳ ᠤᠨ ᠴᠡᠴᠡᠷᠯᠢᠭ ᠤᠨ ᠬᠦᠷᠢᠶᠡᠨ ᠤ ᠠᠷᠢᠭᠤᠳᠬᠠᠯ ᠤᠨ ᠠᠵᠢᠯ ᠢ ᠰᠠᠶᠢᠲᠤᠷ ᠬᠢᠭᠰᠡᠨ ᠪᠠᠶᠢᠨ᠎ᠠ᠃ ᠭᠠᠳᠠᠨ᠎ᠠ ᠨᠠᠭᠠᠳᠤᠮ ᠲᠣᠭᠯᠠᠭᠠᠮ ᠠᠴᠠ ᠡᠬᠢᠯᠡᠭᠡᠳ ᠠᠩᠭᠢ ᠶᠢᠨ ᠰᠢᠷᠡᠭᠡ ᠰᠠᠨᠳᠠᠯᠢ᠂ ᠤᠨᠲᠠᠯᠭ᠎ᠠ ᠶᠢᠨ ᠥᠷᠥᠭᠡ ᠵᠡᠷᠭᠡ ᠶᠢᠨ ᠠᠷᠢᠭᠤᠳᠬᠠᠯ ᠤᠨ ᠠᠵᠢᠯ ᠢ ᠡᠳᠦᠷ ᠲᠡᠭᠡᠨ ᠰᠠᠶᠢᠬᠠᠨ ᠬᠢᠵᠦ ᠲᠡᠮᠳᠡᠭᠯᠡᠯ ᠬᠢᠵᠦ ᠪᠠᠶᠢᠭ᠎ᠠ ᠮᠥᠷᠲᠡᠭᠡᠨ ᠴᠠᠭ ᠲᠤᠬᠠᠢ ᠳᠤᠨᠢ ᠠᠷᠢᠭᠤᠳᠬᠠᠵᠤ ᠪᠠᠶᠢᠨ᠎ᠠ︾ ᠭᠡᠪᠡ᠃      ᠤᠶᠢᠯᠠᠭᠠᠭᠰᠠᠨ ᠢᠶᠠᠷ᠂ 6 ᠰᠠᠷ᠎ᠠ ᠶᠢᠨ 3 ᠤ ᠡᠳᠦᠷ ᠮᠠᠨ ᠤ ᠬᠤᠰᠢᠭᠤᠨ ᠤ ᠠᠯᠪᠠᠨ ᠠᠴᠠ ᠡᠷᠬᠢᠯᠡᠭᠰᠡᠨ 11 ᠬᠡᠦᠬᠡᠳ ᠤᠨ ᠴᠡᠴᠡᠷᠯᠢᠭ ᠪᠣᠯᠣᠨ ᠠᠷᠠᠳ ᠠᠴᠠ ᠡᠷᠬᠢᠯᠡᠭᠰᠡᠨ 22 ᠬᠡᠦᠬᠡᠳ ᠤᠨ ᠴᠡᠴᠡᠷᠯᠢᠭ ᠪᠦᠬᠦᠨ ᠢᠶᠠᠷ ᠢᠶᠠᠨ ᠪᠠᠷᠢᠮᠵᠢᠶᠠᠨ ᠳᠤ ᠨᠡᠶᠢᠴᠡᠵᠦ ᠬᠢᠴᠢᠶᠡᠯ ᠡᠬᠢᠯᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号