ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠷᠣᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠬᠢᠨᠠᠨ ᠵᠢᠯᠣᠭᠤᠳᠬᠤ ᠳᠤ ᠬᠠᠷᠢᠭᠤ ᠮᠡᠳᠡᠬᠦᠯᠬᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-06-04
     6 ᠰᠠᠷ᠎ᠠ ᠶᠢᠨ 3 ᠤ ᠡᠳᠦᠷ᠂ ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ  ᠤᠨ  ᠴᠠᠯᠢᠩ ᠣᠷᠣᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠬᠢᠨᠠᠨ ᠵᠢᠯᠣᠭᠤᠳᠬᠤ ᠳᠤ ᠬᠠᠷᠢᠭᠤ ᠮᠡᠳᠡᠬᠦᠯᠬᠦ ᠬᠤᠷᠠᠯ ᠬᠤᠷᠠᠯᠳᠣᠭᠰᠠᠨ ᠪᠠᠶᠢᠨ᠎ᠠ᠃ ᠬᠤᠳᠠ ᠶᠢᠨ ᠬᠢᠨᠠᠨ ᠵᠢᠯᠣᠭᠤᠳᠬᠤ ᠳᠣᠭᠤᠶᠢᠯᠠᠩ ᠤᠨ ᠬᠡᠰᠢᠬᠦᠳ ᠪᠠ ᠬᠤᠰᠢᠭᠤ ᠳᠡᠳ᠋ ᠳᠠᠷᠤᠭ᠎ᠠ ᠯᠢᠦ ᠵᠧᠩ ᠵᠢᠴᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ᠂ ᠰᠣᠷᠭᠠᠨ ᠬᠦᠮᠦᠵᠢᠯ ᠪᠠ ᠪᠡᠶ᠎ᠡ ᠳᠠᠮᠢᠷ ᠤᠨ ᠳᠣᠪᠴᠢᠶ᠎ᠠ᠂ ᠡᠳ᠋ ᠤᠨ ᠵᠠᠰᠠᠭ ᠤᠨ ᠳᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ  ᠤᠨ ᠪᠠᠳᠣᠯᠠᠭ᠎ᠠ ᠶᠢᠨ ᠳᠣᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠢᠨᠠᠨ ᠵᠢᠯᠣᠭᠤᠳᠬᠤ ᠳᠣᠭᠤᠶᠢᠯᠠᠩ ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠷᠣᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠳᠣᠬᠠᠢ ᠬᠠᠷᠢᠭᠤ ᠮᠡᠳᠡᠬᠦᠯᠦᠯᠲᠡ ᠶᠢ ᠰᠣᠨᠣᠰᠣᠭᠰᠠᠨ ᠤ ᠳᠠᠷᠠᠭ᠎ᠠ ᠮᠠᠨ ᠤ ᠬᠤᠰᠢᠭᠤᠨ ᠤ ᠬᠠᠮᠢᠶ᠎ᠠ ᠪᠦᠬᠦᠢ ᠠᠵᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠦᠨᠡᠯᠡᠯᠳᠡ ᠦᠭᠬᠦ ᠶᠢᠨ ᠬᠠᠮᠲᠣ ᠰᠠᠨᠠᠯ ᠰᠠᠨᠠᠭᠤᠯᠭ᠎ᠠ ᠳᠣᠷᠠᠳᠪᠠ᠃      ᠬᠤᠷᠠᠯ ᠠᠴᠠ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠷᠣᠯᠭ᠎ᠠ ᠶᠢ ᠨᠠᠶᠢᠳᠠᠪᠣᠷᠢᠵᠢᠭᠤᠯᠬᠤ ᠶᠢ ᠴᠢᠬᠤᠯᠠ ᠪᠠᠶᠢᠷᠢᠨ ᠳᠤ ᠳᠠᠯᠪᠢᠵᠦ ᠳᠡᠭᠡᠲᠦ ᠱᠠᠳᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ  ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠯᠭᠤᠮᠵᠢ ᠶᠢᠨ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ ᠴᠠᠯᠢᠩ ᠣᠷᠣᠯᠭ᠎ᠠ ᠳᠣᠬᠠᠢ ᠶᠢᠨ ᠭᠠᠵᠠᠷ ᠤᠨ ᠠᠯᠪᠠᠳᠠᠨ ᠠᠴᠠ ᠳᠣᠣᠷ᠎ᠠ ᠦᠬᠡᠢ ᠶᠢ ᠪᠠᠳᠣᠯᠠᠭᠰᠠᠨ ᠤ ᠣᠷᠢᠳᠠᠯ ᠳᠣᠣᠷ᠎ᠠ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠠᠰᠢᠭ ᠬᠦᠷᠳᠡᠭᠰᠡᠨ ᠲᠦᠷᠦᠭᠳᠡᠯ᠂ ᠣᠮᠣᠭᠰᠢᠯ ᠢ ᠳᠠᠰᠣᠷᠠᠯᠳᠠ ᠦᠬᠡᠢ ᠳᠡᠭᠡᠭᠰᠢᠯᠡᠬᠦᠯᠭᠦ ᠬᠡᠷᠡᠭᠲᠡᠢ᠃ ᠡᠬᠦᠨ ᠤ ᠬᠠᠮᠲᠣ ᠦᠨᠡᠨ ᠠᠴᠠ ᠵᠦᠪ ᠢ ᠡᠷᠢᠵᠦ ᠮᠠᠨ ᠤ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠷᠣᠯᠭ᠎ᠠ ᠶᠢ  ᠨᠠᠶᠢᠳᠠᠪᠣᠷᠢᠵᠢᠭᠤᠯᠬᠤ ᠠᠵᠢᠯ ᠤᠨ ᠳᠣᠮᠳᠠ ᠣᠷᠣᠰᠢᠵᠦ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠴᠠᠭ ᠳᠣᠬᠠᠢ ᠳᠤᠨᠢ ᠴᠡᠭᠴᠡᠯᠡᠨ ᠵᠠᠰᠠᠵᠦ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠰᠢ ᠨᠠᠷ ᠤᠨ ᠴᠠᠯᠢᠩ ᠣᠷᠣᠯᠭ᠎ᠠ ᠶᠢᠨ ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢ ᠦᠨᠡᠨᠬᠦ ᠪᠠᠳᠣᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ  ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号