ᠤᠯᠤᠰ ᠤᠨ ᠲᠡᠷᠢᠬᠦᠯᠡᠭᠴᠢ ᠰᠢ ᠶᠢᠨ ᠫᠢᠩ 6 ᠰᠠᠷ᠎ᠠ ᠶᠢᠨ 3 ᠤ ᠤᠷᠤᠢ ᠭᠧᠷᠮᠠᠨ ᠤ ᠶᠡᠷᠤᠩᠬᠡᠢ ᠰᠠᠶᠢᠳ | ᠮᠤᠺᠧᠷ ᠲᠠᠢ ᠤᠳᠠᠰᠤ ᠪᠠᠷ ᠶᠠᠷᠢᠯᠴᠠᠪᠠ᠃ | ᠰᠢ ᠶᠢᠨ ᠫᠢᠩ᠂ ᠡᠨᠡ ᠪᠤᠯ ᠪᠢᠳᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠡᠬᠦᠰᠦᠭᠰᠡᠡ ᠠᠴᠠ ᠨᠠᠭᠠᠰᠢ ᠭᠤᠷᠪᠠᠳᠠᠬᠢ ᠤᠳᠠᠭ᠎ᠠ ᠤᠳᠠᠰᠤ ᠪᠠᠷ ᠶᠠᠷᠢᠯᠴᠠᠵᠥ ᠪᠠᠶᠢᠨ᠎ᠠ᠂ ᠡᠨᠡ ᠨᠢ ᠬᠤᠶᠠᠷ | ᠲᠡᠯ᠎ᠡ ᠶᠢᠨ ᠲᠡᠬᠡᠳᠤ ᠬᠡᠮᠵᠢᠶᠡᠨ ᠤ ᠤᠯᠤᠰ ᠲᠦᠷᠦ ᠶᠢᠨ ᠢᠳᠡᠬᠡᠯᠴᠡᠭᠡ ᠪᠤᠯᠤᠨ ᠪᠠᠶᠢᠯᠳᠤᠬᠤ ᠪᠤᠳᠤᠯᠭ᠎ᠠ ᠶᠢᠨ ᠨᠢᠭᠲᠠ | ᠤᠯᠤᠯᠴᠠᠭ᠎ᠠ ᠲᠠᠢ ᠪᠠᠶᠢᠬᠤ ᠶᠢ ᠬᠠᠷᠠᠭᠤᠯᠪᠠ᠃ ᠲᠤᠮᠳᠠᠳᠤ ᠤᠯᠤᠰ ᠭᠧᠷᠮᠠᠨ ᠤ ᠵᠠᠰᠠᠭ ᠤᠨ ᠤᠷᠳᠤᠨ ᠤ ᠬᠢᠵᠢᠭ ᠤᠨ | ᠠᠰᠠᠭᠤᠳᠠᠯ ᠲᠡᠬᠡᠷ᠎ᠡ ᠪᠤᠰᠤᠳᠴᠢ ᠤᠶᠤᠨᠴᠢ ᠵᠤᠭᠰᠤᠯᠳᠠ ᠶᠢ ᠪᠠᠷᠢᠮᠳᠠᠯᠠᠬᠰᠠᠠ ᠪᠠ ᠰᠢᠨᠵᠢᠯᠡᠬᠦ ᠤᠬᠠᠭᠠᠨ ᠢ | ᠬᠦᠨᠳᠦᠳᠬᠡᠬᠦ ᠤᠪᠤᠷ ᠠᠪᠤᠭᠰᠠᠠ ᠢ ᠮᠠᠬᠳᠠᠨ ᠰᠠᠶᠢᠰᠢᠶᠠᠵᠥ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ | ᠭᠧᠷᠮᠠᠨ ᠤ ᠬᠢᠨ ᠲᠠᠢ ᠬᠠᠮᠳᠤ ᠪᠠᠷ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ | ᠲᠡᠮᠵᠢᠵᠥ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ᠂ ᠬᠤᠷᠢᠨ ᠤᠯᠤᠰ ᠤᠨ ᠪᠦᠯᠥᠭᠯᠡᠯ ᠵᠡᠷᠬᠡ ᠶᠢᠨ ᠪᠤᠷᠤ | ᠲᠦᠯᠥᠪ ᠤᠨ ᠲᠤᠳᠤᠷ᠎ᠠ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠤᠨ᠎ᠠ︔ ᠠᠹᠷᠢᠺᠠ ᠲᠢᠪ ᠤᠨ | ᠤᠯᠤᠰ ᠤᠳ ᠤᠨ ᠬᠢᠵᠢᠭ ᠲᠠᠢ ᠲᠡᠮᠡᠴᠡᠬᠦ ᠶᠢ ᠲᠡᠮᠵᠢᠵᠥ᠂ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠬᠦᠯᠥᠨ᠎ᠡ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠪᠢᠳᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠨᠡᠶᠢᠬᠡᠮ ᠤᠨ | ᠬᠦᠭᠵᠢᠯᠳᠡ ᠶᠢᠨ ᠠᠵᠢᠯ ᠢ ᠰᠠᠶᠢᠳᠤᠷ ᠨᠢᠬᠡᠳᠤᠯᠳᠡᠢ ᠲᠦᠯᠥᠪᠵᠢᠬᠦᠯᠬᠦ ᠬᠡᠷᠡᠭᠳᠡᠢ᠃ ᠲᠤᠮᠳᠠᠳᠤ ᠤᠯᠤᠰ ᠤᠨ ᠠᠵᠥ | ᠠᠬᠤᠢ ᠲᠤᠭᠳᠠᠭᠤᠨ ᠤ ᠲᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ | ᠬᠤᠪᠢᠷᠠᠬᠰᠠᠠ ᠦᠬᠡᠢ᠃ ᠪᠢᠳᠡ ᠭᠠᠳᠠᠭᠠᠳᠤ ᠨᠡᠬᠡᠬᠡᠯᠳᠡ ᠪᠠᠨ ᠡᠷᠡᠰ ᠭᠤᠶᠢᠪᠢᠰᠢ ᠦᠭᠡᠢ ᠪᠠᠷᠢᠮᠳᠠᠯᠠᠵᠥ᠂ | ᠲᠡᠯᠡᠬᠡᠢ ᠯᠦᠭᠡ ᠶᠢᠨ ᠬᠠᠮᠳᠤᠷᠠᠯᠴᠠᠭ᠎ᠠ ᠪᠠᠨ ᠦᠷᠬᠡᠳᠬᠡᠵᠥ᠂ ᠲᠤᠷᠠᠳᠠᠶ᠎ᠠ ᠭᠧᠷᠮᠠᠨ ᠤ ᠠᠵᠥ ᠠᠬᠤᠢᠢᠯᠠᠯ ᠤᠨ ᠲᠤᠮᠳᠠᠳᠤ | ᠤᠯᠤᠰ ᠲᠠᠬᠢ ᠪᠡᠯᠡ ᠤᠷᠤᠭᠤᠯᠤᠯᠳᠠ ᠪᠠᠨ ᠦᠷᠬᠡᠳᠬᠡᠬᠦ ᠳᠤ ᠦᠷᠬᠦᠯᠵᠢᠯᠡᠨ ᠰᠠᠶᠢᠨ ᠰᠠᠶᠢᠬᠠᠨ ᠤᠷᠴᠢᠨ ᠨᠦᠬᠦᠴᠡᠯ ᠢ | ᠪᠤᠢ ᠪᠤᠯᠭᠠᠵᠥ ᠦᠭᠬᠦᠨ᠎ᠡ᠃ ᠤᠢᠢᠷ᠎ᠠ ᠳᠤ ᠳᠤᠮᠳᠠᠳᠤ ᠭᠧᠷᠮᠠᠨ ᠤ ︽ᠲᠦᠷᠭᠡᠨ ᠪᠦᠭᠡᠳ ᠲᠦᠳᠡ ᠨᠡᠪᠳᠡᠷᠡᠬᠦ ᠵᠠᠮ︾ | ᠵᠢᠩᠬᠢᠨᠢ ᠪᠠᠷ ᠡᠬᠢᠯᠡᠪᠡ᠂ ᠡᠨᠡ ᠨᠢ ᠬᠤᠶᠠᠷ ᠤᠯᠤᠰ ᠤᠨ ᠭᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠢᠢᠯᠠᠯ ᠤᠨ | ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠶᠢ ᠲᠦᠷᠭᠡᠳᠭᠡᠬᠦ ᠳᠤ ᠬᠠᠪᠰᠤᠷᠤᠯᠭ᠎ᠠ ᠦᠵᠡᠬᠦᠯᠵᠦ᠂ | ᠤᠯᠠᠨ ᠤᠯᠤᠰ ᠤᠨ ᠠᠵᠤ ᠦᠢᠯᠡᠰ ᠤᠨ ᠭᠡᠯᠬᠢᠶ᠎ᠠ᠂ ᠬᠠᠩᠭᠠᠯᠭ᠎ᠠ ᠶᠢᠨ ᠭᠡᠯᠬᠢᠶ᠎ᠠ ᠶᠢᠨ ᠲᠤᠭᠳᠠᠭᠤᠨ ᠢ ᠪᠠᠳᠤᠯᠠᠬᠤ ᠳᠤ | ᠠᠰᠢᠬᠳᠠᠢ ᠶᠤᠮ᠃ ᠳᠤᠮᠳᠠᠳᠤ ᠭᠧᠷᠮᠠᠨ ᠤ ᠬᠠᠮᠳᠤᠷᠠᠯᠴᠠᠭ᠎ᠠ ᠨᠢ ᠳᠡᠯᠡᠭᠡᠢ ᠶᠢᠨ ᠡᠷᠳᠡ ᠡᠳᠦᠷ ᠠᠵᠤ ᠠᠬᠤᠢ | ᠮᠠᠭᠤᠳᠠᠬᠤ ᠪᠠᠶᠢᠳᠠᠯ ᠠᠴᠠ ᠮᠤᠯᠳᠤᠷᠠᠬᠤ ᠶᠢ ᠠᠬᠢᠭᠤᠯᠬᠤ ᠳᠤ ᠦᠵᠡᠬᠦᠯᠪᠡᠰᠦ ᠵᠤᠬᠢᠬᠤ ᠦᠢᠯᠡᠳᠦᠯ ᠢᠶᠠᠨ | ᠦᠵᠡᠬᠦᠯᠦᠨ᠎ᠠ ᠭᠡᠳᠡᠭ ᠢ ᠢᠳᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠭᠧᠷᠮᠠᠨ ᠲᠤᠭᠳᠠᠭᠤᠨ ᠪᠦᠭᠡᠳ ᠰᠠᠶᠢᠨ ᠰᠠᠶᠢᠬᠠᠨ ᠬᠠᠮᠳᠤᠷᠠᠯᠴᠠᠭᠠᠨ ᠤ | ᠬᠠᠷᠢᠯᠴᠠᠭ᠎ᠠ ᠪᠠᠨ ᠪᠠᠳᠤᠯᠠᠵᠦ ᠪᠤᠢ᠃ ᠳᠤᠮᠳᠠᠳᠤ ᠶᠢᠨ ᠲᠠᠯ᠎ᠠ ᠳᠤᠷᠠᠳᠠᠶ᠎ᠠ ᠭᠧᠷᠮᠠᠨ ᠤ ᠲᠠᠯ᠎ᠠ ᠲᠠᠢ ᠬᠠᠮᠳᠦ ᠶᠠᠷᠢᠯᠴᠠᠨ | ᠰᠤᠯᠢᠯᠴᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠦᠨ᠎ᠠ᠃ ᠡᠨᠡ ᠵᠢᠯ ᠤᠨ ᠲᠤᠤᠷ᠎ᠠ ᠬᠠᠭᠠᠰ ᠵᠢᠯ ᠳᠤ ᠭᠧᠷᠮᠠᠨ | ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭᠠᠨ ᠤ ᠲᠡᠷᠢᠬᠦᠯᠡᠭᠴᠢ ᠤᠯᠤᠰ ᠤᠨ ᠲᠤᠰᠢᠶᠠᠯ ᠢ ᠵᠢᠵᠢᠬᠦᠷᠯᠡᠨ | ᠡᠬᠦᠷᠭᠡᠯᠡᠬᠦ ᠪᠤᠯᠤᠨ᠎ᠠ᠃ ᠳᠤᠮᠳᠠᠳᠤ ᠶᠢᠨ ᠲᠠᠯ᠎ᠠ ᠶᠢᠨ ᠬᠢᠨ ᠭᠧᠷᠮᠠᠨ ᠤ ᠲᠠᠯ᠎ᠠ ᠶᠢᠨ ᠲᠤᠷᠠᠳᠠᠶ᠎ᠠ ᠳᠤᠮᠳᠠᠳᠤ | ᠡᠸᠦ᠋ᠷᠦᠫᠠ ᠶᠢᠨ ᠬᠠᠷᠢᠯᠴᠠᠭᠠᠨ ᠤ ᠬᠦᠭᠵᠢᠯᠳᠠ ᠶᠢ ᠢᠳᠡᠪᠬᠢᠳᠠᠢ ᠠᠬᠢᠭᠤᠯᠵᠦ ᠪᠠᠶᠢᠬᠤ ᠶᠢ ᠮᠠᠬᠳᠠᠨ ᠰᠠᠶᠢᠰᠢᠶᠡᠵᠦ᠂ | ᠳᠤᠷᠠᠳᠠᠶ᠎ᠠ ᠭᠧᠷᠮᠠᠨ ᠤ ᠲᠠᠯ᠎ᠠ ᠪᠤᠯᠤᠨ ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭᠠᠨ ᠤ ᠲᠠᠯ᠎ᠠ ᠯᠤᠭ᠎ᠠ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠵᠦ᠂ ᠤᠯᠠᠨ ᠲᠠᠯᠠᠳᠦ ᠦᠵᠡᠯ ᠢ ᠪᠠᠷᠢᠮᠳᠠᠯᠠᠨ᠂ ᠪᠦᠬᠦ | ᠪᠦᠮᠪᠦᠷᠴᠡᠭ ᠤᠨ ᠦᠷᠢᠰᠦᠯᠳᠦᠭᠡᠨ ᠢ ᠠᠷᠭᠠᠴᠠᠭᠠᠵᠦ᠂ ᠬᠠᠮᠳᠤ ᠪᠠᠷ ᠲᠤᠭᠳᠠᠭᠠᠯᠳᠦ ᠪᠤᠰᠤ ᠳᠡᠯᠡᠭᠡᠢ ᠳ᠋ᠠᠬᠢᠨ ᠳᠤ | ᠲᠤᠭᠳᠠᠭᠠᠯᠳᠦ ᠴᠢᠨᠠᠷ ᠢ ᠨᠡᠮᠡᠷᠢᠯᠡᠨ᠎ᠠ᠃ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠠ ᠶᠢᠨ ᠬᠢᠨ ᠠᠯᠢ ᠤᠯᠠᠨ | ᠴᠢᠬᠤᠯᠠ ᠶᠡᠭᠡ ᠤᠯᠤᠰ ᠲᠦᠷᠦ ᠶᠢᠨ ᠶᠠᠪᠤᠯᠴᠠᠭᠠᠨ ᠤ ᠵᠦᠪᠯᠡᠬᠦ ᠵᠦᠢᠯ ᠢ ᠵᠦᠪᠳᠡᠯᠴᠡᠵᠦ ᠪᠤᠢ᠂ ᠳᠤᠮᠳᠠᠳᠤ ᠶᠢᠨ | ᠲᠠᠯ᠎ᠠ ᠳᠤᠷᠠᠳᠠᠶ᠎ᠠ ᠭᠧᠷᠮᠠᠨ ᠤ ᠲᠠᠯ᠎ᠠ᠂ ᠡᠸᠦ᠋ᠷᠦᠫᠠ ᠶᠢᠨ ᠲᠠᠯ᠎ᠠ ᠯᠤᠭ᠎ᠠ ᠨᠢᠬᠳᠠ ᠤᠯᠤᠯᠴᠠᠭ᠎ᠠ ᠵᠤᠬᠢᠴᠠᠭᠤᠯᠭ᠎ᠠ ᠪᠠᠨ | ᠪᠠᠳᠤᠯᠠᠵᠦ᠂ ᠡᠳᠡᠭᠡᠷ ᠠᠵᠢᠯᠯᠠᠭ᠎ᠠ ᠶᠢᠨ ᠠᠮᠵᠢᠯᠳᠠ ᠤᠯᠬᠤ ᠶᠢ ᠪᠠᠳᠤᠯᠠᠨ᠂ ᠳᠤᠮᠳᠠᠳᠤ ᠭᠧᠷᠮᠠᠨ᠂ ᠳᠤᠮᠳᠠᠳᠤ | ᠡᠸᠦ᠋ᠷᠦᠫᠠ ᠶᠢᠨ ᠬᠠᠷᠢᠯᠴᠠᠭ᠎ᠠ ᠰᠢᠨ᠎ᠠ ᠳᠡᠭᠳᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠦ ᠭᠠᠷᠭᠠᠵᠠᠢ᠃ | ᠮᠤᠺᠧᠷ᠂ ᠭᠧᠷᠮᠠᠨ ᠤ ᠬᠢᠨ ᠲᠤᠮᠳᠠᠳᠤ ᠤᠯᠤᠰ ᠤᠨ ᠬᠤᠶᠠᠷ ᠬᠤᠷᠠᠯ ᠤᠨ ᠠᠵᠤ ᠠᠬᠤᠢ ᠨᠡᠶᠢᠭᠡᠮ ᠤᠨ | ᠬᠦᠭᠵᠢᠯᠳᠠ ᠶᠢᠨ ᠲᠤᠬᠠᠢ ᠬᠢᠭᠰᠡᠨ ᠲᠦᠯᠦᠪᠵᠢᠬᠦᠯᠭᠡ ᠶᠢ ᠴᠢᠬᠤᠯᠠᠴᠢᠯᠠᠨ ᠦᠵᠡᠵᠤ ᠪᠤᠢ᠂ ᠲᠤᠷᠠᠳᠠᠶ᠎ᠡ ᠲᠤᠮᠳᠠᠳᠤ | ᠤᠯᠤᠰ ᠯᠤᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠵᠡᠷᠭᠡ ᠪᠠᠷ ᠠᠵᠢᠯ ᠢᠶᠠᠨ | ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠶᠢ ᠠᠬᠢᠭᠤᠯᠵᠤ᠂ ᠭᠧᠷᠮᠠᠨ ᠲᠤᠮᠳᠠᠳᠤ ᠶᠢᠨ ᠠᠵᠤ ᠠᠬᠤᠢ ᠶᠢᠨ | ᠬᠠᠮᠳᠤᠷᠠᠯᠴᠠᠭ᠎ᠠ ᠶᠢ ᠦᠷᠬᠦᠯᠵᠢᠯᠡᠨ ᠬᠦᠨᠵᠡᠭᠡᠶᠢᠷᠠᠬᠦᠯᠤᠨᠡ᠃ ᠭᠧᠷᠮᠠᠨ ᠤ ᠬᠢᠨ ᠲᠡᠷᠢᠬᠦᠯᠡᠭᠴᠢ ᠰᠢ ᠶᠢᠨ ᠫᠢᠩ ᠤᠨ | ᠲᠤᠮᠳᠠᠳᠤ ᠤᠯᠤᠰ ᠤᠨ ᠰᠤᠳᠤᠯᠤᠨ ᠦᠢᠯᠡᠳᠦᠭᠰᠡᠨ ᠸᠠᠺᠼᠢᠨ ᠢᠶᠠᠨ ᠪᠦᠬᠦ ᠪᠦᠮᠪᠦᠷᠴᠡᠭ ᠤᠨ ᠤᠯᠠᠨ ᠨᠠᠶᠢᠳᠠ ᠶᠢᠨ | ᠡᠷᠡᠬᠦᠯ ᠬᠠᠮᠠᠭᠠᠯᠠᠯ ᠤᠨ ᠦᠢᠯᠡᠳᠬᠦᠨ ᠪᠤᠯᠭᠠᠨ᠎ᠡ ᠭᠡᠵᠤ ᠵᠠᠷᠯᠡᠨ ᠨᠡᠶᠢᠳᠡᠯᠡᠭᠰᠡᠨ ᠢ ᠲᠡᠭᠡᠳᠤ ᠭᠡᠮᠵᠢᠶ᠎ᠡ ᠪᠠᠷ ᠮᠠᠬᠳᠠᠨ | ᠰᠠᠶᠢᠰᠢᠶᠠᠵᠤ ᠪᠠᠶᠢᠨ᠎ᠡ᠃ ᠤᠳᠤᠬᠠᠨ ᠤ ᠪᠠᠶᠢᠳᠠᠯ ᠲᠤᠤᠷ᠎ᠡ᠂ ᠤᠯᠠᠨ ᠤᠯᠤᠰ ᠤᠨ ᠪᠦᠯᠬᠦᠮᠳᠡᠯ ᠪᠠ ᠤᠯᠨᠨ ᠲᠠᠯᠠᠳᠤ | ᠦᠵᠡᠯ ᠢ ᠴᠢᠩᠭᠠᠳᠬᠠᠬᠤ ᠨᠢ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠳᠤ ᠲᠦᠢᠯ ᠤᠨ ᠴᠢᠬᠤᠯᠠ ᠶᠤᠮ᠃ | ᠭᠧᠷᠮᠠᠨ ᠤ ᠬᠢᠨ ᠲᠤᠷᠠᠳᠠᠶ᠎ᠡ ᠲᠤᠮᠳᠠᠳᠤ ᠤᠯᠤᠰ ᠲᠠᠢ ᠰᠤᠯᠢᠯᠴᠠᠭ᠎ᠠ ᠪᠠᠨ ᠴᠢᠩᠭᠠᠳᠬᠠᠵᠤ᠂ ᠲᠡᠯᠡᠭᠡᠢ ᠶᠢᠨ ᠡᠷᠡᠬᠦᠯ | ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠴᠢᠬᠤᠯᠠ ᠦᠢᠯᠡᠳᠦᠯ ᠪᠠᠳᠠᠷᠠᠭᠤᠯᠬᠤ ᠶᠢ ᠦᠷᠬᠦᠯᠵᠢᠯᠡᠨ ᠲᠠᠮᠵᠢᠵᠤ᠂ | ᠲᠡᠯᠡᠭᠡᠢ ᠶᠢᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠤ ᠬᠠᠮᠳᠤᠷᠠᠯᠴᠠᠭ᠎ᠠ ᠪᠠᠨ ᠠᠬᠢᠭᠤᠯᠤᠨ᠎ᠡ | ᠃ ᠭᠧᠷᠮᠠᠨ ᠤ ᠬᠢᠨ ᠲᠤᠮᠳᠠᠳᠤ ᠤᠯᠤᠰ ᠯᠤᠭ᠎ᠠ ᠶᠢᠨ ᠶᠠᠷᠢᠯᠴᠠᠭ᠎ᠠ ᠪᠠᠨ ᠪᠠᠳᠤᠯᠠᠵᠤ᠂ ᠦᠷᠭᠡᠨ ᠬᠦᠷᠢᠶ᠎ᠡ ᠬᠡᠪᠴᠢᠶ᠎ᠡ ᠪᠠ | ᠵᠦᠪᠯᠡᠬᠦ ᠵᠦᠢᠯ ᠤᠨ ᠲᠤᠬᠠᠢ ᠬᠠᠮᠳᠤᠷᠠᠯᠴᠠᠭ᠎ᠠ ᠪᠠᠨ ᠠᠬᠢᠭᠤᠯᠬᠤ ᠶᠢ ᠬᠦᠰᠡᠵᠤ ᠪᠠᠶᠢᠨ᠎ᠡ᠃ ᠭᠧᠷᠮᠠᠨ ᠤ ᠬᠢᠨ | ᠲᠤᠷᠠᠳᠠᠶ᠎ᠡ ᠲᠤᠮᠳᠠᠳᠤ ᠤᠯᠤᠰ ᠯᠤᠭ᠎ᠠ ᠨᠢᠬᠳᠠ ᠤᠯᠤᠯᠴᠠᠭ᠎ᠠ ᠪᠠᠨ ᠪᠠᠳᠤᠯᠠᠵᠤ᠂ ᠭᠧᠷᠮᠠᠨ ᠲᠤᠮᠳᠠᠳᠤ᠂ ᠡᠸᠦ᠋ᠷᠤᠫᠠ | ᠲᠤᠮᠳᠠᠳᠤ ᠶᠢᠨ ᠴᠢᠬᠤᠯᠠ ᠵᠦᠪᠯᠡᠬᠦ ᠵᠦᠢᠯ ᠢ ᠠᠬᠢᠭᠤᠯᠵᠤ᠂ ᠭᠧᠷᠮᠠᠨ ᠲᠤᠮᠳᠠᠳᠤ᠂ ᠡᠸᠦ᠋ᠷᠤᠫᠠ ᠲᠤᠮᠳᠠᠳᠤ ᠶᠢᠨ | ᠬᠠᠷᠢᠯᠴᠠᠭ᠎ᠠ ᠶᠢᠨ ᠨᠡᠩ ᠦᠨᠳᠤᠷ ᠲᠦᠪᠰᠢᠨ ᠲᠡᠶᠢᠰᠢ ᠬᠦᠭᠵᠢᠬᠦ ᠶᠢ ᠠᠬᠢᠭᠤᠯᠤᠨ᠎ᠡ ᠭᠡᠵᠤ ᠢᠯᠡᠳᠭᠡᠪᠡ᠃ | |